ᠨᠢᠭᠡ᠂ ᠲᠣᠭᠲᠠᠭᠠᠭᠰᠠᠨ ᠠᠬᠤᠶ ᠪᠠᠶᠢᠳᠠᠯ | ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ | ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ | ᠰᠡᠳᠬᠢᠮᠵᠢ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠤᠯᠠᠭᠠᠨᠴᠠᠪ | ᠬᠤᠲᠠ ᠶᠢᠨ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ | ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠪᠡᠶᠡᠯᠡᠭᠦᠯᠵᠦ᠂ ᠡᠳᠦᠭᠡ ᠬᠤᠲᠠ ᠶᠢᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ ᠳᠠᠷᠤᠮᠠᠯᠯᠠᠨ ᠲᠠᠷᠬᠠᠭᠠᠪᠠ᠃ | ᠬᠤᠶᠠᠷ᠂ ᠭᠤᠣᠯ ᠠᠭᠤᠯᠭ᠎ᠠ | ︽ᠠᠷᠭ᠎ᠠ ᠬᠡᠮᠵᠢᠶ᠎ᠡ ᠨᠦᠭᠦᠳ︾ ᠨᠢ ᠲᠠᠷᠢᠶᠠᠯᠠᠩ᠂ ᠠᠵᠤ ᠦᠢᠯᠡᠳᠪᠦᠷᠢ᠂ ᠠᠮᠢ ᠠᠬᠤᠶ᠂ ᠬᠤᠲᠠ ᠪᠠᠯᠭᠠᠰᠤᠨ ᠤ | ᠤᠰᠤ ᠠᠷᠪᠢᠯᠠᠬᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠵᠡᠷᠭᠡ 5 ᠲᠠᠯ᠎ᠠ ᠶᠢᠨ 12 ᠵᠦᠢᠯ ᠤᠨ | ᠪᠣᠳᠠᠲᠠᠶ ᠠᠷᠭ᠎ᠠ ᠬᠡᠮᠵᠢᠶ᠎ᠡ ᠳᠤ ᠬᠤᠯᠪᠣᠭᠳᠠᠵᠠᠶ᠃ | ᠨᠢᠭᠡᠳᠦᠭᠡᠷ ᠬᠡᠰᠡᠭ᠂ ᠲᠠᠷᠢᠶᠠᠯᠠᠩ ᠤᠨ ᠲᠠᠯ᠎ᠠ ᠶᠢᠨ 5 ᠵᠦᠢᠯ ᠪᠤᠢ᠃ ᠲᠠᠷᠢᠶᠠᠯᠠᠩ ᠳᠤ ᠬᠡᠷᠡᠭᠯᠡᠬᠦ ᠤᠰᠤᠨ ᠤ | ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠲᠣᠭᠲᠠᠭᠰᠠᠨ ᠨᠤᠷᠮ᠎ᠠ ᠠᠴᠠ ᠬᠡᠲᠦᠷᠡᠭᠦᠯᠦᠨ ᠠᠬᠢᠭᠤᠯᠤᠨ ᠪᠣᠳᠣᠵᠤ | ᠦᠨ᠎ᠡ ᠥᠰᠬᠡᠬᠦ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ ᠲᠠᠷᠢᠶᠠᠯᠠᠩ ᠤᠨ ᠤᠰᠤᠯᠠᠯᠲᠠ ᠪᠠᠷ ᠤᠰᠤ ᠲᠠᠲᠠᠬᠤ | ᠵᠥᠪᠰᠢᠶᠡᠷᠡᠯ ᠢ ᠴᠢᠩᠳᠠᠯᠠᠵᠤ᠂ ᠬᠡᠮᠵᠢᠯᠲᠡ ᠪᠠᠷ ᠤᠰᠤ ᠲᠠᠲᠠᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ | ᠪᠠᠷᠢᠯᠭ᠎ᠠ ᠶᠢᠨ ᠠᠷᠭ᠎ᠠ ᠬᠡᠮᠵᠢᠶ᠎ᠡ ᠶᠢᠨ ᠤᠰᠤ ᠠᠷᠪᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃ ᠤᠰᠤ | ᠬᠤᠷᠠᠮᠳᠤᠭᠤᠯᠤᠨ ᠴᠢᠭᠢᠭ ᠬᠠᠮᠠᠭᠠᠯᠠᠬᠤ ᠰᠢᠨ᠎ᠡ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠲᠠᠷᠢᠶᠠᠯᠠᠩ ᠤᠨ ᠮᠡᠷᠭᠡᠵᠢᠯ ᠤᠨ | ᠠᠷᠭ᠎ᠠ ᠬᠡᠮᠵᠢᠶ᠎ᠡ ᠶᠢᠨ ᠤᠰᠤ ᠠᠷᠪᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃ ᠴᠢᠨᠠᠷ ᠰᠠᠶᠢᠲᠠᠶ ᠲᠣᠬᠢᠷᠠᠬᠤ | ᠦᠷ᠎ᠡ ᠡᠭᠦᠯᠳᠡᠷ ᠢ ᠶᠡᠬᠡᠪᠡᠷ ᠰᠣᠩᠭᠤᠨ ᠭᠠᠷᠭᠠᠵᠤ᠂ ᠪᠦᠲᠦᠴᠡ ᠶᠢ ᠲᠣᠬᠢᠷᠠᠭᠤᠯᠬᠤ ᠠᠷᠭ᠎ᠠ ᠬᠡᠮᠵᠢᠶ᠎ᠡ ᠶᠢᠨ ᠤᠰᠤ | ᠠᠷᠪᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃ | ᠬᠤᠶᠠᠳᠤᠭᠠᠷ ᠬᠡᠰᠡᠭ᠂ ᠠᠵᠤ ᠦᠢᠯᠡᠳᠪᠦᠷᠢ ᠶᠢᠨ ᠲᠠᠯ᠎ᠠ ᠪᠠᠷ 2 ᠵᠦᠢᠯ ᠪᠤᠢ᠃ ᠠᠵᠤ ᠦᠢᠯᠡᠳᠪᠦᠷᠢ ᠶᠢᠨ | ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ ᠡᠵᠡᠮᠳᠡᠵᠦ᠂ ᠣᠶᠤᠨᠴᠢ ᠤᠰᠤ ᠠᠷᠪᠢᠯᠠᠬᠤ ᠶᠢ ᠪᠦᠬᠦ | ᠲᠠᠯ᠎ᠠ ᠪᠠᠷ ᠪᠡᠶᠡᠯᠡᠭᠦᠯᠦᠨ᠎ᠡ᠃ ᠤᠰᠤ ᠠᠷᠪᠢᠯᠠᠬᠤ ᠲᠡᠷᠢᠭᠦᠨ ᠤ ᠮᠡᠷᠭᠡᠵᠢᠯ ᠲᠣᠨᠣᠭᠯᠠᠯ ᠢ ᠶᠡᠬᠡᠪᠡᠷ ᠳᠡᠯᠭᠡᠷᠡᠭᠦᠯᠵᠦ᠂ | ᠮᠡᠷᠭᠡᠵᠢᠯ ᠤᠨ ᠴᠢᠨᠠᠷᠲᠠᠶ ᠤᠰᠤ ᠠᠷᠪᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠭᠤᠷᠪᠠᠳᠤᠭᠠᠷ ᠬᠡᠰᠡᠭ᠂ ᠠᠮᠢ ᠠᠬᠤᠢ ᠶᠢᠨ ᠲᠠᠯ᠎ᠠ ᠪᠠᠷ 2 ᠵᠦᠢᠯ ᠪᠤᠢ᠃ ᠤᠰᠤ ᠠᠷᠪᠢᠯᠠᠵᠤ ᠤᠰᠤᠯᠠᠬᠤ | ᠮᠡᠷᠭᠡᠵᠢᠯ ᠢ ᠶᠡᠬᠡᠪᠡᠷ ᠬᠡᠷᠡᠭᠵᠢᠭᠦᠯᠵᠦ᠂ ᠠᠮᠢ ᠠᠬᠤᠶ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠬᠦᠢᠲᠡᠨ ᠳᠤ ᠲᠡᠰᠪᠦᠷᠢᠲᠡᠢ᠂ ᠭᠠᠩ ᠬᠠᠭᠰᠠᠷᠭᠠᠨ ᠳᠤ ᠲᠡᠰᠪᠦᠷᠢᠲᠡᠢ ᠨᠤᠲᠤᠭ ᠤᠨ ᠮᠣᠳᠣᠨ ᠤ | ᠲᠥᠷᠥᠯ ᠢ ᠢᠳᠡᠪᠬᠢᠲᠡᠢ ᠰᠣᠩᠭᠤᠵᠤ᠂ ︽ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ︾ | ᠳᠥᠷᠪᠡᠳᠦᠭᠡᠷ ᠬᠡᠰᠡᠭ᠂ ᠬᠤᠲᠠ ᠪᠠᠯᠭᠠᠰᠤ ᠶᠢᠨ ᠤᠰᠤ ᠠᠷᠪᠢᠯᠠᠬᠤ ᠲᠠᠯ᠎ᠠ ᠪᠠᠷ 2 ᠵᠦᠢᠯ᠃ ᠪᠣᠷᠣᠭᠠᠨ ᠤ ᠤᠰᠤ | ᠪᠣᠬᠢᠷ ᠤᠰᠤ ᠴᠤᠭᠯᠠᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠬᠡᠪ ᠤᠨ ᠪᠤᠰᠤ ᠤᠰᠤᠨ ᠤ ᠡᠬᠢ | ᠰᠤᠷᠪᠤᠯᠵᠢ ᠶᠢᠨ ᠠᠰᠢᠭᠯᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠰᠤ ᠠᠷᠪᠢᠯᠠᠬᠤ ᠥᠭᠡᠷᠡᠴᠢᠯᠡᠯᠲᠡ ᠶᠢ | ᠢᠳᠡᠪᠬᠢᠲᠡᠶ ᠪᠠᠷ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠬᠤ ᠦᠵᠡᠯ | ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ | ᠲᠠᠪᠤᠳᠤᠭᠠᠷ ᠬᠡᠰᠡᠭ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ 1 ᠵᠦᠢᠯ | ᠪᠤᠢ᠃ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠬᠠᠤᠯᠢ ᠲᠣᠭᠲᠠᠭᠠᠯ ᠠᠴᠠ ᠵᠥᠷᠢᠴᠡᠨ ᠤᠰᠤ ᠠᠪᠴᠤ ᠬᠡᠷᠡᠭᠯᠡᠬᠦ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠷᠤᠮᠵᠢᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ | ᠪᠡᠶᠡᠯᠡᠭᠦᠯᠦᠨ᠎ᠡ᠃ | ᠭᠤᠷᠪᠠ᠂ ᠲᠥᠰᠦᠯ ᠤᠨ ᠵᠣᠷᠢᠯᠭ᠎ᠠ | ︽ᠠᠷᠭ᠎ᠠ ᠬᠡᠮᠵᠢᠶ᠎ᠡ ᠨᠦᠭᠦᠳ︾ ᠢ ᠬᠡᠷᠡᠭᠵᠢᠭᠦᠯᠬᠦ ᠪᠠᠷ ᠳᠠᠮᠵᠢᠭᠤᠯᠤᠨ᠂ ᠤᠰᠤᠨ ᠤ ᠡᠬᠢ ᠪᠠᠶᠠᠯᠢᠭ ᠢ ᠨᠠᠷᠢᠨ | ᠨᠢᠮᠪᠠᠶ ᠲᠥᠯᠥᠪᠯᠡᠨ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠶ ᠰᠠᠶᠢᠲᠤᠷ ᠬᠠᠮᠢᠶᠠᠷᠴᠤ᠂ | ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠭᠢᠯᠳᠦᠭᠦᠯᠦᠨ ᠠᠰᠢᠭᠯᠠᠬᠤ ᠳᠤ ᠠᠰᠢᠭᠲᠠᠶ ᠣᠷᠣᠨ ᠵᠠᠶ ᠶᠢᠨ | ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠤᠶᠢᠯᠡᠳᠪᠤᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠪᠴᠢᠯᠡᠨ | ᠪᠣᠶ ᠪᠣᠯᠭᠠᠵᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠥᠭᠡᠳ ᠳᠣᠤᠷ᠎ᠠ ᠦᠷ᠎ᠡ ᠠᠰᠢᠭ ᠠᠴᠠ ᠳᠣᠤᠷ᠎ᠠ | ᠪᠠᠶᠢᠭᠰᠠᠨ ᠠᠴᠠ ᠡᠷᠴᠢᠮᠯᠢᠭ ᠠᠷᠪᠢᠯᠠᠬᠤ ᠲᠡᠶᠢᠰᠢ ᠬᠤᠪᠢᠷᠠᠭᠤᠯᠬᠤ ᠲᠡᠶᠢᠰᠢ ᠬᠤᠪᠢᠷᠠᠭᠤᠯᠬᠤ ᠶᠢ ᠪᠡᠶᠡᠯᠡᠭᠦᠯᠵᠦ᠂ | ᠤᠰᠤ ᠶᠢ ᠠᠷᠪᠢᠯᠠᠨ ᠬᠡᠷᠡᠭᠯᠡᠬᠦ ᠪᠠᠷ ᠬᠥᠭᠵᠢᠯᠲᠡ ᠶᠢᠨ ᠣᠷᠣᠨ ᠵᠠᠶ ᠶᠢ ᠥᠷᠭᠡᠳᠬᠡᠬᠦ ᠬᠡᠷᠡᠭᠲᠡᠢ᠃ | |