ᠯᠢᠶᠠᠩᠴᠧᠩ ᠰᠢᠶᠠᠨ ᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/3/8
ᠯᠢᠶᠠᠩᠴᠧᠩ ᠰᠢᠶᠠᠨ ᠤ ᠥᠷᠭᠡᠨ ᠣᠯᠠᠨ ᠰᠠᠭᠤᠭᠠᠯᠢ ᠠᠷᠠᠳ᠄    ᠣᠳᠣᠬᠠᠨ ᠳᠤ᠂ ᠮᠠᠨ ᠤ ᠰᠢᠶᠠᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠠᠶᠢᠬᠤ ᠬᠡᠮᠵᠢᠶ᠎ᠡ ᠲᠠᠰᠤᠷᠠᠯᠲᠠ ᠥᠬᠡᠶ ᠨᠡᠮᠡᠭᠳᠡᠵᠦ᠂ ᠳᠤᠷ᠎ᠠ ᠪᠠᠷ ᠢᠶᠠᠨ ᠴᠠᠬᠢᠯᠭᠠᠨ ᠤᠲᠠᠰᠤ ᠬᠤᠯᠪᠣᠬᠤ᠂ ᠬᠢᠷᠢ ᠲᠡᠩᠴᠡᠬᠦ ᠥᠬᠡᠶ ᠴᠠᠬᠢᠯᠭᠠᠨ ᠴᠡᠨᠡᠭᠯᠡᠬᠦ ᠴᠠᠬᠢᠯᠭᠠᠨ ᠬᠡᠷᠡᠭᠰᠡᠯ ᠢ ᠬᠡᠷᠡᠭᠯᠡᠬᠦ᠂ ᠣᠯᠠᠨ ᠨᠡᠶᠢᠲᠡ ᠶᠢᠨ ᠣᠷᠣᠨ ᠪᠦᠰᠡ ᠳᠤ ᠲᠣᠭᠲᠠᠭᠠᠯ ᠠᠴᠠ ᠵᠥᠷᠢᠴᠡᠨ ᠵᠣᠭᠰᠣᠭᠠᠬᠤ᠂ ᠬᠡᠷ ᠳᠣᠲᠣᠷ᠎ᠠ ᠪᠤᠶᠤ ᠪᠢᠲᠡᠭᠦᠮᠵᠢᠯᠡᠭᠰᠡᠨ ᠣᠷᠣᠨ ᠵᠠᠶ ᠳᠤ ᠴᠠᠬᠢᠯᠭᠠᠨ ᠴᠡᠨᠡᠭᠯᠡᠬᠦ ᠵᠡᠷᠭᠡ ᠵᠢᠷᠤᠮᠵᠢᠯ ᠥᠬᠡᠶ ᠬᠡᠷᠡᠭᠯᠡᠯᠲᠡ ᠪᠠ ᠴᠠᠬᠢᠯᠭᠠᠨ ᠴᠡᠨᠡᠭᠯᠡᠬᠦ ᠦᠢᠯᠡ ᠠᠵᠢᠯᠯᠠᠭ᠎ᠠ ᠴᠦ ᠡᠳᠦᠷ ᠢᠷᠡᠬᠦᠶ᠎ᠡ ᠲᠣᠪᠤᠶᠢᠮ᠎ᠠ ᠪᠣᠯᠵᠣ᠂ ᠭᠠᠯ ᠤᠨ ᠭᠠᠮᠰᠢᠭ ᠤᠨ ᠠᠳᠡᠯ ᠠᠮᠠᠷᠬᠠᠨ ᠡᠭᠦᠰᠳᠡᠭ᠃ ᠡᠯ᠎ᠡ ᠭᠠᠵᠠᠷ ᠤᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠵᠡᠷᠭᠡ ᠠᠴᠠ ᠪᠣᠯᠤᠭᠰᠠᠨ ᠭᠠᠯ ᠤᠨ ᠭᠠᠮᠰᠢᠭ ᠤᠨ ᠬᠠᠷᠠᠰᠠᠯᠳᠤ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠪᠠᠷ ᠦᠨᠳᠦᠰᠦ ᠪᠣᠯᠭᠠᠨ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠶᠢᠨ ᠲᠤᠰᠠᠳᠠ᠂ ᠯᠢᠶᠠᠩᠴᠧᠩ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠪᠠᠶᠢᠷᠢᠯᠠᠭᠤᠯᠤᠯᠲᠠ ᠶᠣᠰᠣᠭᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠳᠦᠷᠢᠮ︾᠂ ︽ᠥᠨᠳᠥᠷ ᠳᠠᠪᠬᠤᠷᠭ᠎ᠠ ᠶᠢᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ︽ᠴᠠᠬᠢᠯᠭᠠᠨ ᠬᠥᠳᠡᠯᠭᠡᠭᠦᠷᠲᠦ ᠲᠡᠷᠭᠡᠨ ᠤ ᠪᠦᠬᠦ ᠬᠡᠯᠬᠢᠶᠡᠨ ᠤ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠤᠯᠠᠭᠠᠨᠴᠠᠪ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠠᠯ᠎ᠠ ᠪᠠᠷ    1. ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ︵ᠢᠯᠠᠩᠭᠤᠶ᠎ᠠ ᠥᠨᠳᠥᠷ ᠳᠠᠪᠬᠤᠷᠭᠠᠲᠤ ᠣᠷᠣᠨ ᠰᠠᠭᠤᠴᠠ︶᠎ ᠤᠨ ᠠᠰᠠᠷ ᠤᠨ ᠱᠠᠲᠤ ᠶᠢᠨ ᠬᠤᠭᠤᠷᠣᠨᠳᠣ᠂ ᠲᠠᠷᠬᠠᠭᠠᠬᠤ ᠵᠠᠮ᠂ ᠠᠶᠤᠯ ᠦᠭᠡᠶ ᠭᠠᠷᠬᠤ ᠡᠭᠦᠳᠡ᠂ ᠡᠭᠦᠳᠡᠨ ᠲᠢᠩᠬᠢᠮ ᠵᠡᠷᠭᠡ ᠣᠯᠠᠨ ᠨᠡᠶᠢᠲᠡ ᠶᠢᠨ ᠣᠷᠣᠨ ᠪᠦᠰᠡ ᠳᠤ ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠣᠭᠠᠬᠤ ᠪᠤᠶᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃    2. ︽ᠨᠢᠰᠦᠯᠲᠡ ᠶᠢᠨ ᠤᠲᠠᠰᠤ︾ ᠵᠡᠷᠭᠡ ᠲᠣᠭᠲᠠᠭᠠᠯ ᠠᠴᠠ ᠵᠥᠷᠢᠴᠡᠨ ᠬᠤᠪᠢ ᠪᠠᠷ ᠢᠶᠠᠨ ᠴᠠᠬᠢᠯᠭᠠᠨ ᠤᠲᠠᠰᠤ ᠲᠠᠲᠠᠵᠤ ᠴᠠᠬᠢᠯᠭᠠᠨ ᠤᠲᠠᠰᠤᠨ ᠤ ᠠᠷᠭ᠎ᠠ ᠪᠠᠷ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠶᠢ ᠴᠢᠩᠭ᠎ᠠ ᠴᠠᠭᠠᠵᠠᠯᠠᠨ᠎ᠠ᠃    3. ᠴᠠᠬᠢᠯᠭᠠᠨ ᠬᠥᠳᠡᠯᠭᠡᠭᠦᠷᠲᠦ ᠲᠡᠷᠭᠡ ᠵᠢᠴᠢ ᠴᠠᠬᠢᠯᠭᠠᠨ ᠬᠤᠷᠢᠶᠠᠭᠤᠷ ᠳᠡᠭᠡᠷ᠎ᠡ ᠭᠠᠷᠴᠤ ᠠᠶᠢᠯ ᠡᠷᠦᠬᠡ ᠳᠤ ᠣᠷᠣᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃    4. ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠬᠤ ᠳᠤ ᠭᠠᠯ ᠰᠡᠷᠭᠡᠶᠢᠯᠡᠬᠦ ᠵᠠᠶ᠂ ᠭᠠᠯ ᠤᠨᠲᠠᠷᠠᠭᠠᠬᠤ ᠲᠡᠷᠭᠡᠨ ᠵᠠᠮ ᠪᠠ ᠭᠠᠯ ᠤᠨᠲᠠᠷᠠᠭᠠᠬᠤ ᠲᠡᠷᠭᠡᠨ ᠤ ᠥᠨᠳᠥᠷ ᠲᠤ ᠭᠠᠷᠬᠤ ᠠᠵᠢᠯᠯᠠᠭᠠᠨ ᠤ ᠲᠠᠯᠠᠪᠤᠷ ᠢ ᠡᠵᠡᠯᠡᠨ ᠬᠡᠷᠡᠭᠯᠡᠵᠦ ᠪᠣᠯᠬᠤ ᠦᠭᠡᠢ᠂ ᠭᠠᠯ ᠤᠨᠲᠠᠷᠠᠭᠠᠬᠤ ᠲᠡᠷᠭᠡᠨ ᠤ ᠠᠵᠢᠯᠯᠠᠭᠠᠨ ᠢ ᠬᠠᠷᠰᠢᠯᠠᠬᠤ ᠪᠠ ᠭᠠᠯ ᠤᠨᠲᠠᠷᠠᠭᠠᠬᠤ ᠪᠡᠯᠡᠳᠬᠡᠮᠵᠢ ᠶᠢᠨ ᠬᠡᠪ ᠤᠨ ᠶᠣᠰᠣᠭᠠᠷ ᠬᠡᠷᠡᠭᠯᠡᠬᠦ ᠶᠢ ᠨᠥᠯᠥᠭᠡᠯᠡᠵᠦ ᠪᠣᠯᠬᠤ ᠦᠭᠡᠢ᠃    5. ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠣᠭᠠᠬᠤ ᠴᠠᠬᠢᠯᠭᠠᠨ ᠴᠡᠨᠡᠭᠯᠡᠬᠦ ᠲᠠᠯᠠᠪᠤᠷ ᠭᠡᠷ ᠤᠨ ᠭᠠᠳᠠᠨᠠᠬᠢ ᠵᠠᠳᠠᠭᠠᠢ ᠣᠷᠣᠨ ᠪᠦᠰᠡ ᠳᠤ ᠪᠠᠶᠢᠷᠢᠯᠠᠭᠤᠯᠵᠤ᠂ ᠪᠠᠷᠢᠯᠭ᠎ᠠ ᠶᠢᠨ ᠭᠠᠳᠠᠷ ᠬᠡᠷᠡᠮ ᠤᠨ ᠡᠭᠦᠳᠡ᠂ ᠴᠣᠩᠬᠤ᠂ ᠨᠦᠬᠡ ᠶᠢᠨ ᠠᠮᠠᠰᠠᠷ ᠵᠡᠷᠭᠡ ᠠᠮᠠ ᠨᠡᠭᠡᠭᠡᠬᠦ ᠬᠡᠰᠡᠭ ᠵᠢᠴᠢ ᠠᠮᠤᠷ ᠲᠦᠪᠰᠢᠨ ᠭᠠᠷᠬᠤ ᠡᠭᠦᠳᠡ ᠶᠢᠨ ᠬᠤᠭᠤᠷᠣᠨᠳᠣᠬᠢ ᠵᠠᠢ ᠶᠢᠨ ᠬᠤᠭᠤᠷᠣᠨᠳᠣᠬᠢ ᠵᠠᠢ ᠨᠢ 6 ᠮᠧᠳ᠋ᠷ ᠠᠴᠠ ᠪᠠᠭ᠎ᠠ ᠪᠤᠰᠤ ᠪᠠᠶᠢᠳᠠᠭ᠃    6. ᠭᠠᠵᠠᠷ ᠳᠡᠭᠡᠷᠡᠬᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠬᠤ᠂ ᠴᠠᠬᠢᠯᠭᠠᠨ ᠴᠡᠨᠡᠭᠯᠡᠬᠦ ᠲᠠᠯᠠᠪᠤᠷ ᠭᠠᠵᠠᠷ ᠲᠤ ᠬᠠᠭᠤᠷᠠᠢ ᠨᠤᠨᠳᠠᠭ ᠤᠨ ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠬᠤ ᠬᠡᠷᠡᠭᠲᠡᠶ︔ ᠭᠠᠵᠠᠷ ᠳᠣᠤᠷᠠᠬᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠵᠤ ᠴᠠᠬᠢᠯᠭᠠᠨ ᠴᠡᠨᠡᠭᠯᠡᠬᠦ ᠲᠠᠯᠠᠪᠤᠷ ᠭᠠᠵᠠᠷ ᠲᠤ ᠭᠠᠯ ᠤᠨ ᠠᠶᠤᠯ ᠢ ᠠᠦ᠋ᠲ᠋ᠣ᠋ ᠲᠦᠭᠰᠢᠭᠦᠷᠢ ᠮᠡᠳᠡᠭᠦᠯᠬᠦ᠂ ᠠᠦ᠋ᠲ᠋ᠣ᠋ ᠤᠰᠤ ᠰᠦᠷᠴᠢᠨ ᠭᠠᠯ ᠤᠨᠲᠠᠷᠠᠭᠠᠬᠤ᠂ ᠤᠲᠤᠭ᠎ᠠ ᠭᠠᠳᠠᠭᠰᠢᠯᠠᠭᠤᠯᠬᠤ᠂ ᠭᠡᠷ ᠳᠣᠲᠣᠷᠠᠬᠢ ᠭᠠᠯ ᠤᠨᠲᠠᠷᠠᠭᠠᠭᠤᠯ ᠵᠡᠷᠭᠡ ᠰᠢᠰᠲ᠋ᠧᠮ ᠢ ᠲᠣᠬᠢᠷᠠᠭᠤᠯᠬᠤ ᠶᠢᠨ ᠬᠠᠮᠲᠤ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    7. ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠣᠭᠠᠬᠤ ᠴᠠᠬᠢᠯᠭᠠᠨ ᠴᠡᠨᠡᠭᠯᠡᠬᠦ ᠲᠠᠯᠠᠪᠤᠷ ᠭᠠᠵᠠᠷ ᠲᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠤᠭᠰᠠᠷᠠᠬᠤ ᠶᠢ ᠵᠣᠷᠢᠭᠵᠢᠭᠤᠯᠵᠤ᠂ ᠴᠠᠬᠢᠯᠭᠠᠨ ᠱᠠᠲᠤ ᠶᠢᠨ ᠳᠣᠲᠣᠷ᠎ᠠ AI ᠣᠶᠤᠨᠴᠢ ᠪᠠᠷ ᠲᠡᠷᠭᠡ ᠬᠤᠷᠢᠭᠯᠠᠬᠤ ᠰᠢᠰᠲ᠋ᠧᠮ ᠢ ᠤᠭᠰᠠᠷᠠᠨ᠎ᠠ᠃    8. ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠵᠣᠭᠰᠣᠭᠠᠬᠤ ᠶᠢ ᠴᠠᠭᠠᠵᠠᠯᠠᠬᠤ ᠣᠷᠣᠨ ᠳᠤ ᠢᠯᠡ ᠲᠣᠳᠣ ᠲᠡᠮᠳᠡᠭ ᠨᠠᠭᠠᠬᠤ ᠬᠡᠷᠡᠭᠲᠡᠶ︔ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠬᠤ᠂ ᠴᠠᠬᠢᠯᠭᠠᠨ ᠴᠡᠨᠡᠭᠯᠡᠬᠦ ᠣᠷᠣᠨ ᠢ ᠲᠣᠭᠲᠠᠭᠠᠯ ᠶᠣᠰᠣᠭᠠᠷ ᠲᠥᠪᠯᠡᠷᠡᠭᠦᠯᠦᠨ ᠪᠠᠶᠢᠷᠢᠯᠠᠭᠤᠯᠵᠤ᠂ ᠲᠤᠰᠬᠠᠶ ᠬᠥᠮᠦᠨ ᠲᠣᠮᠢᠯᠠᠨ ᠰᠠᠬᠢᠭᠤᠯᠪᠠ᠃    9. ᠨᠡᠶᠢᠭᠡᠮ ᠲᠣᠭᠤᠷᠢᠭ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠪᠠᠶᠢᠴᠠᠭᠠᠵᠤ ᠲᠣᠭᠤᠷᠢᠨ ᠪᠠᠶᠢᠴᠠᠭᠠᠬᠤ ᠪᠠ ᠭᠠᠯ ᠤᠨᠲᠠᠷᠠᠭᠠᠬᠤ ᠤᠬᠠᠭᠤᠯᠭ᠎ᠠ ᠶᠢ ᠦᠷᠭᠦᠯᠵᠢ ᠵᠣᠬᠢᠶᠠᠨ ᠪᠠᠶᠢᠭᠤᠯᠤᠨ ᠥᠷᠨᠢᠭᠦᠯᠵᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠬᠤ᠂ ᠴᠠᠬᠢᠯᠭᠠᠨ ᠴᠡᠨᠡᠭᠯᠡᠬᠦ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠳᠬᠠᠨ ᠬᠤᠷᠢᠭᠯᠠᠵᠤ᠂ ᠬᠤᠷᠢᠭᠯᠠᠨ ᠵᠣᠭᠰᠣᠭᠠᠵᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾᠎ ᠤᠨ ᠬᠠᠮᠢᠶ᠎ᠠ ᠪᠥᠬᠦᠶ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠬᠡᠷᠡᠭᠲᠡᠶ᠃  ᠬᠤᠶᠠᠷ᠂ ᠳᠣᠤᠷᠠᠬᠢ ᠠᠮᠢ ᠵᠢᠭᠤᠲᠠᠬᠤ ᠠᠷᠭ᠎ᠠ ᠶᠢ ᠡᠵᠡᠮᠰᠢᠬᠦ ᠬᠡᠷᠡᠭᠲᠡᠶ    1. ᠬᠡᠷᠪᠡ ᠠᠰᠠᠷ ᠤᠨ ᠳᠠᠪᠬᠤᠷᠭ᠎ᠠ ᠨᠢᠭᠡᠨᠲᠡ ᠭᠠᠯ ᠭᠠᠷᠤᠭᠰᠠᠨ ᠪᠣᠯᠪᠠᠴᠤ ᠱᠠᠲᠤ ᠨᠢᠭᠡᠨᠲᠡ ᠪᠢᠲᠡᠭᠦᠮᠵᠢᠯᠡᠭᠰᠡᠨ ᠦᠭᠡᠢ ᠪᠠᠶᠢᠵᠤ᠂ ᠲᠦᠢᠮᠡᠷ ᠲᠤᠭᠳᠠᠪᠤᠷᠢ ᠦᠭᠡᠢ ᠪᠠᠶᠢᠵᠤ᠂ ᠳᠡᠪᠲᠦᠭᠦᠨ ᠳᠡᠪᠲᠦᠭᠡᠭᠰᠡᠨ ᠬᠤᠪᠴᠠᠰᠤ ᠬᠤᠨᠠᠷ ᠢᠶᠠᠨ ᠨᠥᠮᠥᠷᠴᠦ᠂ ᠠᠰᠠᠷ ᠳᠡᠭᠡᠷ᠎ᠡ ᠲᠦᠷᠭᠡᠨ ᠪᠥᠭᠡᠳ ᠡᠮᠬᠢ ᠵᠢᠷᠤᠮ ᠲᠠᠢ ᠪᠠᠷ ᠠᠰᠠᠷ ᠠᠴᠠ ᠪᠠᠭᠤᠵᠤ᠂ ᠠᠯᠢ ᠴᠢᠳᠠᠬᠤ ᠪᠠᠷ ᠪᠦᠬᠦ᠋ᠢᠨ ᠬᠠᠮᠤᠭ ᠳᠣᠣᠷ᠎ᠠ ᠪᠤᠶᠤ ᠮᠥᠯᠬᠦᠨ ᠤᠷᠤᠭᠰᠢᠯᠠᠨ᠎ᠠ᠂ ᠨᠦᠢᠲᠠᠨ ᠬᠥᠪᠥᠩ ᠤᠨ ᠠᠯᠴᠢᠭᠤᠷ ᠢᠶᠠᠷ ᠠᠮᠠ ᠬᠠᠮᠠᠷ ᠢᠶᠠᠨ ᠪᠦᠭᠯᠡᠵᠦ ᠪᠣᠯᠣᠨ᠎ᠠ᠃    2. ᠭᠠᠯ ᠭᠠᠷᠪᠠᠯ ᠴᠠᠬᠢᠯᠭᠠᠨ ᠱᠠᠲᠤ ᠳᠤ ᠶᠠᠭᠠᠬᠢᠭᠰᠠᠨ ᠴᠤ ᠰᠠᠭᠤᠵᠤ ᠪᠣᠯᠬᠤ ᠥᠬᠡᠶ᠂ ᠵᠠᠪᠠᠯ ᠠᠰᠠᠷ ᠤᠨ ᠱᠠᠲᠤ᠂ ᠲᠠᠷᠬᠠᠭᠠᠬᠤ ᠵᠠᠮ ᠵᠡᠷᠭᠡ ᠠᠮᠤᠷ ᠲᠦᠪᠰᠢᠨ ᠭᠠᠷᠬᠤ ᠡᠭᠦᠳᠡ ᠪᠠᠷ ᠳᠠᠮᠵᠢᠭᠤᠯᠤᠨ ᠠᠮᠢ ᠵᠢᠭᠤᠲᠠᠬᠤ ᠬᠡᠷᠡᠭᠲᠡᠶ᠃    3.ᠥᠷᠥᠭᠡᠨ ᠠᠴᠠ ᠤᠬᠤᠷᠢᠬᠤ ᠦᠶ᠎ᠡ ᠳᠤ ᠤᠷᠢᠳᠠ ᠪᠠᠷ ᠬᠠᠭᠠᠯᠭ᠎ᠠ ᠶᠢ ᠲᠡᠮᠲᠡᠷᠢᠵᠦ ᠪᠠᠷᠢᠭᠤᠯ᠂ ᠬᠡᠷᠪᠡ ᠳᠤᠯᠠᠭᠠᠨ ᠤ ᠬᠡᠮᠵᠢᠶ᠎ᠡ ᠥᠨᠳᠥᠷ ᠪᠣᠯ ᠡᠭᠦᠳᠡᠨ ᠤ ᠵᠠᠪᠰᠠᠷ ᠢᠶᠠᠷ ᠰᠢᠷᠭᠤᠵᠤ᠂ ᠬᠠᠭᠠᠯᠭ᠎ᠠ ᠶᠢ ᠪᠢᠲᠡᠭᠡᠢ ᠬᠠᠭᠠᠯᠭ᠎ᠠ ᠶᠢ ᠨᠡᠭᠡᠭᠡᠷᠡᠢ᠃ ᠪᠤᠢ ᠪᠥᠬᠦᠢ ᠡᠭᠦᠳᠡ ᠴᠣᠩᠬᠤ ᠪᠠᠨ ᠬᠠᠭᠠᠵᠤ᠂ ᠨᠦᠲᠠᠨ ᠠᠯᠴᠢᠭᠤᠷ ᠢᠶᠠᠷ ᠬᠠᠮᠠᠷ ᠢᠶᠠᠨ ᠪᠦᠭᠯᠡᠬᠦ ᠶᠢᠨ ᠬᠠᠮᠲᠤ ᠡᠭᠦᠳᠡᠨ ᠤ ᠵᠠᠪᠰᠠᠷ ᠢ ᠪᠥᠭᠯᠡᠵᠦ᠂ ᠤᠲᠤᠭ᠎ᠠ ᠰᠢᠲᠠᠵᠤ ᠣᠷᠣᠵᠤ ᠢᠷᠡᠬᠦ ᠶᠢ ᠰᠡᠷᠭᠡᠢᠯᠡᠬᠦ ᠬᠡᠷᠡᠭᠲᠡᠢ᠃    ᠳᠥᠷᠪᠡ᠂ ᠠᠰᠠᠷ ᠤᠨ ᠱᠠᠲᠤ ᠪᠢᠲᠡᠭᠦᠮᠵᠢᠯᠡᠭᠰᠡᠨ ᠪᠤᠶᠤ ᠭᠠᠯ ᠤᠨ ᠪᠠᠶᠢᠳᠠᠯ ᠢ ᠡᠵᠡᠮᠳᠡᠬᠦ ᠳᠤ ᠬᠦᠴᠢᠷᠲᠡᠶ ᠪᠠᠶᠢᠪᠠᠯ   ᠨᠠᠷᠠᠪᠴᠢ᠂ ᠤᠬᠢᠶᠠᠯᠭ᠎ᠠ ᠶᠢᠨ ᠭᠡᠷ ᠵᠡᠷᠭᠡ ᠭᠠᠯ ᠤᠨ ᠡᠬᠢ ᠡᠭᠦᠰᠦᠯ ᠨᠡᠯᠢᠶᠡᠳ ᠬᠤᠯᠠ ᠭᠠᠵᠠᠷ ᠲᠤ ᠣᠴᠢᠵᠤ ᠠᠪᠤᠷᠠᠨ ᠲᠤᠰᠠᠯᠠᠬᠤ ᠶᠢ ᠬᠦᠯᠢᠶᠡᠬᠦ ᠬᠡᠷᠡᠭᠲᠡᠶ᠃    ᠭᠤᠷᠪᠠ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠭᠡᠬᠦ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠎ ᠶᠢᠨ ᠵᠢᠷᠠᠨ ᠳᠥᠷᠪᠡᠳᠦᠭᠡᠷ ᠵᠦᠢᠯ ᠳᠤ ᠲᠣᠭᠲᠠᠭᠠᠭᠰᠠᠨ ᠠᠳᠡᠯ ᠨᠢ ᠭᠠᠯ ᠤᠨ ᠠᠶᠤᠯ ᠭᠠᠷᠴᠤ᠂ ᠬᠠᠷᠠᠬᠠᠨ ᠶᠠᠯ᠎ᠠ ᠳᠤ ᠬᠦᠷᠦᠭᠡᠳᠦᠶ ᠪᠣᠯ 10᠎ ᠤ ᠡᠳᠦᠷ ᠠᠴᠠ ᠳᠡᠭᠡᠭᠰᠢ 15᠎ ᠤ ᠡᠳᠦᠷ ᠠᠴᠠ ᠳᠣᠷᠣᠭᠰᠢ ᠲᠦᠷ ᠬᠤᠷᠢᠬᠤ ᠪᠠᠷ ᠰᠢᠳᠬᠡᠵᠦ᠂ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠵᠦ ᠪᠣᠯᠤᠨ᠎ᠠ ᠦᠢᠯᠡ ᠪᠠᠶᠢᠳᠠᠯ ᠨᠢ ᠨᠡᠯᠢᠶᠡᠳ ᠬᠥᠩᠭᠡᠨ ᠪᠣᠯ ᠰᠡᠷᠡᠮᠵᠢ ᠥᠭᠬᠦ ᠪᠤᠶᠤ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃    ︽ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾᠎ ᠤᠨ ᠭᠤᠴᠢᠨ ᠳᠣᠯᠣᠳᠤᠭᠠᠷ ᠵᠦᠢᠯ ᠳᠤ᠂ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠣᠯᠠᠨ ᠨᠡᠶᠢᠲᠡ ᠶᠢᠨ ᠡᠭᠦᠳᠡ ᠶᠢᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤᠨ ᠤ       ᠲᠠᠰᠤᠯᠭ᠎ᠠ᠂ ᠠᠮᠤᠷ ᠲᠦᠪᠰᠢᠨ ᠢᠶᠠᠷ ᠭᠠᠷᠬᠤ ᠡᠭᠦᠳᠡᠨ ᠳᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠬᠤ ᠪᠤᠶᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠶᠢ ᠴᠠᠭᠠᠵᠠᠯᠠᠨ᠎ᠠ᠃ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠠᠴᠠ ᠵᠥᠷᠢᠴᠡᠨ᠂ ᠵᠠᠯᠠᠷᠠᠭᠤᠯᠬᠤ ᠶᠢ ᠲᠡᠪᠴᠢᠪᠡᠯ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠡᠵᠡᠩᠨᠡᠯᠲᠡ ᠶᠢᠨ ᠴᠢᠨᠠᠷᠲᠠᠶ ᠨᠢᠭᠡᠴᠡ ᠪᠣᠯᠤᠨ ᠬᠤᠪᠢ ᠬᠥᠮᠦᠨ ᠢ 2000 ᠲᠥᠭᠦᠷᠢᠭ ᠠᠴᠠ ᠳᠡᠭᠡᠭᠰᠢ 10000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠡᠵᠡᠩᠨᠡᠯᠲᠡ ᠶᠢᠨ ᠪᠤᠰᠤ ᠴᠢᠨᠠᠷᠲᠠᠶ ᠨᠢᠭᠡᠴᠡ ᠪᠣᠯᠤᠨ ᠬᠤᠪᠢ ᠬᠥᠮᠦᠨ ᠢ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠲᠦᠷᠢᠮ︾᠎ ᠤᠨ ᠵᠢᠷᠠᠨ ᠲᠠᠪᠤᠳᠤᠭᠠᠷ ᠵᠦᠢᠯ ᠳᠤ᠄ ᠣᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤ ᠶᠢᠨ ᠲᠠᠰᠤᠯᠭ᠎ᠠ᠂ ᠠᠮᠤᠷ ᠲᠦᠪᠰᠢᠨ ᠭᠠᠷᠬᠤ ᠡᠭᠦᠳᠡ ᠵᠡᠷᠭᠡ ᠣᠯᠠᠨ ᠨᠡᠶᠢᠲᠡ ᠶᠢᠨ ᠣᠷᠣᠨ ᠪᠦᠰᠡ ᠳᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠭᠰᠠᠨ ᠪᠤᠶᠤ ᠴᠠᠬᠢᠯᠭᠠᠨ ᠬᠥᠳᠡᠯᠭᠡᠭᠦᠷᠲᠦ ᠲᠡᠷᠭᠡ ᠪᠠᠷ ᠴᠠᠬᠢᠯᠭᠠᠨ ᠴᠡᠨᠡᠭᠯᠡᠭᠰᠡᠨ ᠪᠠᠶᠢᠪᠠᠯ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠡᠵᠡᠩᠨᠡᠯᠲᠡ ᠶᠢᠨ ᠪᠤᠰᠤ ᠴᠢᠨᠠᠷᠲᠠᠶ ᠨᠢᠭᠡᠴᠢ ᠪᠠ ᠬᠤᠪᠢ ᠬᠥᠮᠦᠨ ᠢ 2000 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠵᠤ᠂ ᠡᠵᠡᠩᠨᠡᠯᠲᠡ ᠶᠢᠨ ᠪᠤᠰᠤ ᠴᠢᠨᠠᠷᠲᠠᠶ ᠨᠢᠭᠡᠴᠢ ᠪᠠ ᠬᠤᠪᠢ ᠬᠥᠮᠦᠨ ᠢ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ ᠭᠡᠵᠦ ᠲᠣᠭᠲᠠᠭᠠᠵᠠᠢ᠃    ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠵᠤ ᠴᠠᠬᠢᠯᠭᠠᠨ ᠴᠡᠨᠡᠭᠯᠡᠬᠦ ᠨᠢ ᠵᠠᠯᠠᠷᠠᠭᠤᠯᠬᠤ ᠶᠢ ᠲᠡᠪᠴᠢᠵᠦ᠂ ᠬᠠᠤᠯᠢ ᠠᠴᠠ ᠵᠥᠷᠢᠴᠡᠭᠰᠡᠨ ᠦᠢᠯᠡ ᠪᠠᠶᠢᠳᠠᠯ ᠪᠣᠯᠵᠣ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠰᠢᠳᠬᠡᠨ ᠲᠣᠷᠭᠠᠬᠤ ᠪᠤᠶᠤ ᠵᠠᠰᠠᠭ ᠵᠠᠬᠢᠷᠭᠠᠨ ᠤ ᠲᠦᠷ ᠬᠤᠷᠢᠯᠲᠠ ᠥᠭᠭᠦᠨ᠎ᠡ︔ ᠬᠤᠪᠢ ᠬᠥᠮᠦᠨ ᠤ ᠰᠢᠯᠲᠠᠭᠠᠨ ᠠᠴᠠ ᠪᠤᠯᠵᠤ ᠭᠠᠯ ᠤᠨ ᠠᠶᠤᠯ ᠭᠠᠷᠴᠤ᠂ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠪᠦᠬᠦ ᠰᠢᠶᠠᠨ ᠤ ᠥᠷᠭᠡᠨ ᠤᠯᠠᠨ ᠰᠠᠭᠤᠭᠠᠯᠢ ᠠᠷᠠᠳ ᠡᠷᠬᠡᠪᠰᠢ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠬᠡᠷᠡᠭᠲᠡᠶ᠃    ᠬᠡᠷᠪᠡ ᠥᠷᠭᠡᠨ ᠣᠯᠠᠨ ᠰᠠᠭᠤᠭᠠᠯᠢ ᠠᠷᠠᠳ ᠳᠡᠷᠭᠡᠳᠡᠬᠢ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠭᠠᠯ ᠤᠨᠲᠠᠷᠠᠭᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠢᠯᠡᠴᠢᠯᠡᠨ ᠮᠡᠳᠡᠭᠦᠯᠵᠦ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠲᠡᠷᠡ ᠳᠠᠷᠤᠶ ᠳᠤᠨᠢ ᠬᠠᠮᠢᠶ᠎ᠠ ᠪᠥᠬᠦᠶ ᠰᠦᠪᠡᠭᠴᠢ ᠶᠢ ᠬᠢᠨᠠᠨ ᠬᠠᠷᠭᠤᠭᠤᠯᠵᠤ ᠪᠠᠶᠢᠴᠠᠭᠠᠨ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠵᠣᠪᠠᠨᠢᠯ ᠢ ᠠᠷᠢᠯᠭᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃    ᠭᠠᠯ ᠤᠨᠲᠠᠷᠠᠭᠠᠬᠤ ᠪᠠᠶᠢᠭᠤᠯᠤᠮᠵᠢ ᠶᠢᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0474 - 12345    ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠤᠲᠠᠰᠤ᠄ 0474 - 4201232                   ᠣᠨᠴᠠᠭᠠᠶᠢᠯᠠᠨ ᠵᠠᠷᠯᠠᠨ ᠨᠡᠶᠢᠲᠡᠯᠡᠪᠡ᠃    ᠯᠢᠶᠠᠩᠴᠧᠩ ᠰᠢᠶᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ                2024 ᠣᠨ ᠤ 3 ᠰᠠᠷ᠎ᠠ ᠶᠢᠨ 4᠎ ᠤ ᠡᠳᠦᠷ                                  ᠨᠠᠶᠢᠷᠠᠭᠤᠯᠤᠭᠴᠢ᠄  ᠯᠢ ᠬᠤᠩ ᠢᠦᠢ                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2