ᠯᠢᠶᠠᠩᠴᠧᠩ ᠰᠢᠶᠠᠨ ᠤ ᠥᠷᠭᠡᠨ ᠣᠯᠠᠨ ᠰᠠᠭᠤᠭᠠᠯᠢ ᠠᠷᠠᠳ᠄ | ᠣᠳᠣᠬᠠᠨ ᠳᠤ᠂ ᠮᠠᠨ ᠤ ᠰᠢᠶᠠᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠠᠶᠢᠬᠤ ᠬᠡᠮᠵᠢᠶ᠎ᠡ | ᠲᠠᠰᠤᠷᠠᠯᠲᠠ ᠥᠬᠡᠶ ᠨᠡᠮᠡᠭᠳᠡᠵᠦ᠂ ᠳᠤᠷ᠎ᠠ ᠪᠠᠷ ᠢᠶᠠᠨ ᠴᠠᠬᠢᠯᠭᠠᠨ ᠤᠲᠠᠰᠤ ᠬᠤᠯᠪᠣᠬᠤ᠂ ᠬᠢᠷᠢ ᠲᠡᠩᠴᠡᠬᠦ ᠥᠬᠡᠶ | ᠴᠠᠬᠢᠯᠭᠠᠨ ᠴᠡᠨᠡᠭᠯᠡᠬᠦ ᠴᠠᠬᠢᠯᠭᠠᠨ ᠬᠡᠷᠡᠭᠰᠡᠯ ᠢ ᠬᠡᠷᠡᠭᠯᠡᠬᠦ᠂ ᠣᠯᠠᠨ ᠨᠡᠶᠢᠲᠡ ᠶᠢᠨ ᠣᠷᠣᠨ ᠪᠦᠰᠡ ᠳᠤ ᠲᠣᠭᠲᠠᠭᠠᠯ ᠠᠴᠠ | ᠵᠥᠷᠢᠴᠡᠨ ᠵᠣᠭᠰᠣᠭᠠᠬᠤ᠂ ᠬᠡᠷ ᠳᠣᠲᠣᠷ᠎ᠠ ᠪᠤᠶᠤ ᠪᠢᠲᠡᠭᠦᠮᠵᠢᠯᠡᠭᠰᠡᠨ ᠣᠷᠣᠨ ᠵᠠᠶ ᠳᠤ ᠴᠠᠬᠢᠯᠭᠠᠨ ᠴᠡᠨᠡᠭᠯᠡᠬᠦ ᠵᠡᠷᠭᠡ | ᠵᠢᠷᠤᠮᠵᠢᠯ ᠥᠬᠡᠶ ᠬᠡᠷᠡᠭᠯᠡᠯᠲᠡ ᠪᠠ ᠴᠠᠬᠢᠯᠭᠠᠨ ᠴᠡᠨᠡᠭᠯᠡᠬᠦ ᠦᠢᠯᠡ ᠠᠵᠢᠯᠯᠠᠭ᠎ᠠ ᠴᠦ ᠡᠳᠦᠷ ᠢᠷᠡᠬᠦᠶ᠎ᠡ ᠲᠣᠪᠤᠶᠢᠮ᠎ᠠ | ᠪᠣᠯᠵᠣ᠂ ᠭᠠᠯ ᠤᠨ ᠭᠠᠮᠰᠢᠭ ᠤᠨ ᠠᠳᠡᠯ ᠠᠮᠠᠷᠬᠠᠨ ᠡᠭᠦᠰᠳᠡᠭ᠃ ᠡᠯ᠎ᠡ ᠭᠠᠵᠠᠷ ᠤᠨ ᠴᠠᠬᠢᠯᠭᠠᠨ ᠬᠥᠳᠡᠯᠭᠡᠭᠦᠷᠲᠦ | ᠲᠡᠷᠭᠡᠨ ᠤ ᠴᠠᠬᠢᠯᠭᠠᠨ ᠴᠡᠨᠡᠭᠯᠡᠬᠦ ᠵᠡᠷᠭᠡ ᠠᠴᠠ ᠪᠣᠯᠤᠭᠰᠠᠨ ᠭᠠᠯ ᠤᠨ ᠭᠠᠮᠰᠢᠭ ᠤᠨ ᠬᠠᠷᠠᠰᠠᠯᠳᠤ ᠰᠤᠷᠭᠠᠮᠵᠢ ᠶᠢ | ᠭᠦᠨᠵᠡᠭᠡᠶ ᠰᠢᠩᠭᠡᠭᠡᠨ ᠠᠪᠴᠤ᠂ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠪᠠᠷ | ᠦᠨᠳᠦᠰᠦ ᠪᠣᠯᠭᠠᠨ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠶᠢᠨ ᠲᠤᠰᠠᠳᠠ᠂ ᠯᠢᠶᠠᠩᠴᠧᠩ ᠰᠢᠶᠠᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠪᠠᠶᠢᠷᠢᠯᠠᠭᠤᠯᠤᠯᠲᠠ ᠶᠣᠰᠣᠭᠠᠷ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠯ ᠤᠨᠲᠠᠷᠠᠭᠠᠬᠤ ᠳᠦᠷᠢᠮ︾᠂ ︽ᠥᠨᠳᠥᠷ ᠳᠠᠪᠬᠤᠷᠭ᠎ᠠ ᠶᠢᠨ ᠠᠷᠠᠳ ᠤᠨ ᠬᠡᠷᠡᠭᠯᠡᠭᠡᠨ ᠤ | ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ | ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ︽ᠴᠠᠬᠢᠯᠭᠠᠨ ᠬᠥᠳᠡᠯᠭᠡᠭᠦᠷᠲᠦ | ᠲᠡᠷᠭᠡᠨ ᠤ ᠪᠦᠬᠦ ᠬᠡᠯᠬᠢᠶᠡᠨ ᠤ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ | ᠤᠯᠠᠭᠠᠨᠴᠠᠪ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠮᠡᠳᠡᠭᠳᠡᠯ︾ ᠵᠡᠷᠭᠡ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ | ᠮᠡᠲᠦ ᠵᠠᠷᠯᠠᠶ᠎ᠠ᠄ | ᠨᠢᠭᠡ᠂ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠠᠯ᠎ᠠ ᠪᠠᠷ | 1. ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ︵ᠢᠯᠠᠩᠭᠤᠶ᠎ᠠ ᠥᠨᠳᠥᠷ ᠳᠠᠪᠬᠤᠷᠭᠠᠲᠤ | ᠣᠷᠣᠨ ᠰᠠᠭᠤᠴᠠ︶ ᠤᠨ ᠠᠰᠠᠷ ᠤᠨ ᠱᠠᠲᠤ ᠶᠢᠨ ᠬᠤᠭᠤᠷᠣᠨᠳᠣ᠂ ᠲᠠᠷᠬᠠᠭᠠᠬᠤ ᠵᠠᠮ᠂ ᠠᠶᠤᠯ ᠦᠭᠡᠶ ᠭᠠᠷᠬᠤ | ᠡᠭᠦᠳᠡ᠂ ᠡᠭᠦᠳᠡᠨ ᠲᠢᠩᠬᠢᠮ ᠵᠡᠷᠭᠡ ᠣᠯᠠᠨ ᠨᠡᠶᠢᠲᠡ ᠶᠢᠨ ᠣᠷᠣᠨ ᠪᠦᠰᠡ ᠳᠤ ᠴᠠᠬᠢᠯᠭᠠᠨ ᠬᠥᠳᠡᠯᠭᠡᠭᠦᠷᠲᠦ ᠲᠡᠷᠭᠡ | ᠵᠣᠭᠰᠣᠭᠠᠬᠤ ᠪᠤᠶᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠶᠢ ᠴᠢᠩᠭ᠎ᠠ ᠴᠠᠭᠠᠵᠠᠯᠠᠬᠤ | ᠬᠡᠷᠡᠭᠲᠡᠶ᠃ | 2. ︽ᠨᠢᠰᠦᠯᠲᠡ ᠶᠢᠨ ᠤᠲᠠᠰᠤ︾ ᠵᠡᠷᠭᠡ ᠲᠣᠭᠲᠠᠭᠠᠯ ᠠᠴᠠ ᠵᠥᠷᠢᠴᠡᠨ ᠬᠤᠪᠢ ᠪᠠᠷ ᠢᠶᠠᠨ ᠴᠠᠬᠢᠯᠭᠠᠨ ᠤᠲᠠᠰᠤ | ᠲᠠᠲᠠᠵᠤ ᠴᠠᠬᠢᠯᠭᠠᠨ ᠤᠲᠠᠰᠤᠨ ᠤ ᠠᠷᠭ᠎ᠠ ᠪᠠᠷ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠶᠢ | ᠴᠢᠩᠭ᠎ᠠ ᠴᠠᠭᠠᠵᠠᠯᠠᠨ᠎ᠠ᠃ | 3. ᠴᠠᠬᠢᠯᠭᠠᠨ ᠬᠥᠳᠡᠯᠭᠡᠭᠦᠷᠲᠦ ᠲᠡᠷᠭᠡ ᠵᠢᠴᠢ ᠴᠠᠬᠢᠯᠭᠠᠨ ᠬᠤᠷᠢᠶᠠᠭᠤᠷ ᠳᠡᠭᠡᠷ᠎ᠡ ᠭᠠᠷᠴᠤ ᠠᠶᠢᠯ ᠡᠷᠦᠬᠡ ᠳᠤ | ᠣᠷᠣᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | 4. ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠬᠤ ᠳᠤ ᠭᠠᠯ ᠰᠡᠷᠭᠡᠶᠢᠯᠡᠬᠦ ᠵᠠᠶ᠂ ᠭᠠᠯ ᠤᠨᠲᠠᠷᠠᠭᠠᠬᠤ | ᠲᠡᠷᠭᠡᠨ ᠵᠠᠮ ᠪᠠ ᠭᠠᠯ ᠤᠨᠲᠠᠷᠠᠭᠠᠬᠤ ᠲᠡᠷᠭᠡᠨ ᠤ ᠥᠨᠳᠥᠷ ᠲᠤ ᠭᠠᠷᠬᠤ ᠠᠵᠢᠯᠯᠠᠭᠠᠨ ᠤ ᠲᠠᠯᠠᠪᠤᠷ ᠢ ᠡᠵᠡᠯᠡᠨ | ᠬᠡᠷᠡᠭᠯᠡᠵᠦ ᠪᠣᠯᠬᠤ ᠦᠭᠡᠢ᠂ ᠭᠠᠯ ᠤᠨᠲᠠᠷᠠᠭᠠᠬᠤ ᠲᠡᠷᠭᠡᠨ ᠤ ᠠᠵᠢᠯᠯᠠᠭᠠᠨ ᠢ ᠬᠠᠷᠰᠢᠯᠠᠬᠤ ᠪᠠ ᠭᠠᠯ ᠤᠨᠲᠠᠷᠠᠭᠠᠬᠤ | ᠪᠡᠯᠡᠳᠬᠡᠮᠵᠢ ᠶᠢᠨ ᠬᠡᠪ ᠤᠨ ᠶᠣᠰᠣᠭᠠᠷ ᠬᠡᠷᠡᠭᠯᠡᠬᠦ ᠶᠢ ᠨᠥᠯᠥᠭᠡᠯᠡᠵᠦ ᠪᠣᠯᠬᠤ ᠦᠭᠡᠢ᠃ | 5. ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠣᠭᠠᠬᠤ ᠴᠠᠬᠢᠯᠭᠠᠨ ᠴᠡᠨᠡᠭᠯᠡᠬᠦ ᠲᠠᠯᠠᠪᠤᠷ ᠭᠡᠷ ᠤᠨ ᠭᠠᠳᠠᠨᠠᠬᠢ | ᠵᠠᠳᠠᠭᠠᠢ ᠣᠷᠣᠨ ᠪᠦᠰᠡ ᠳᠤ ᠪᠠᠶᠢᠷᠢᠯᠠᠭᠤᠯᠵᠤ᠂ ᠪᠠᠷᠢᠯᠭ᠎ᠠ ᠶᠢᠨ ᠭᠠᠳᠠᠷ ᠬᠡᠷᠡᠮ ᠤᠨ ᠡᠭᠦᠳᠡ᠂ ᠴᠣᠩᠬᠤ᠂ | ᠨᠦᠬᠡ ᠶᠢᠨ ᠠᠮᠠᠰᠠᠷ ᠵᠡᠷᠭᠡ ᠠᠮᠠ ᠨᠡᠭᠡᠭᠡᠬᠦ ᠬᠡᠰᠡᠭ ᠵᠢᠴᠢ ᠠᠮᠤᠷ ᠲᠦᠪᠰᠢᠨ ᠭᠠᠷᠬᠤ ᠡᠭᠦᠳᠡ ᠶᠢᠨ ᠬᠤᠭᠤᠷᠣᠨᠳᠣᠬᠢ | ᠵᠠᠢ ᠶᠢᠨ ᠬᠤᠭᠤᠷᠣᠨᠳᠣᠬᠢ ᠵᠠᠢ ᠨᠢ 6 ᠮᠧᠳ᠋ᠷ ᠠᠴᠠ ᠪᠠᠭ᠎ᠠ ᠪᠤᠰᠤ ᠪᠠᠶᠢᠳᠠᠭ᠃ | 6. ᠭᠠᠵᠠᠷ ᠳᠡᠭᠡᠷᠡᠬᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠬᠤ᠂ ᠴᠠᠬᠢᠯᠭᠠᠨ ᠴᠡᠨᠡᠭᠯᠡᠬᠦ ᠲᠠᠯᠠᠪᠤᠷ | ᠭᠠᠵᠠᠷ ᠲᠤ ᠬᠠᠭᠤᠷᠠᠢ ᠨᠤᠨᠳᠠᠭ ᠤᠨ ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ | ᠲᠣᠬᠢᠷᠠᠭᠤᠯᠬᠤ ᠬᠡᠷᠡᠭᠲᠡᠶ︔ ᠭᠠᠵᠠᠷ ᠳᠣᠤᠷᠠᠬᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠵᠤ ᠴᠠᠬᠢᠯᠭᠠᠨ | ᠴᠡᠨᠡᠭᠯᠡᠬᠦ ᠲᠠᠯᠠᠪᠤᠷ ᠭᠠᠵᠠᠷ ᠲᠤ ᠭᠠᠯ ᠤᠨ ᠠᠶᠤᠯ ᠢ ᠠᠦ᠋ᠲ᠋ᠣ᠋ ᠲᠦᠭᠰᠢᠭᠦᠷᠢ ᠮᠡᠳᠡᠭᠦᠯᠬᠦ᠂ ᠠᠦ᠋ᠲ᠋ᠣ᠋ ᠤᠰᠤ ᠰᠦᠷᠴᠢᠨ | ᠭᠠᠯ ᠤᠨᠲᠠᠷᠠᠭᠠᠬᠤ᠂ ᠤᠲᠤᠭ᠎ᠠ ᠭᠠᠳᠠᠭᠰᠢᠯᠠᠭᠤᠯᠬᠤ᠂ ᠭᠡᠷ ᠳᠣᠲᠣᠷᠠᠬᠢ ᠭᠠᠯ ᠤᠨᠲᠠᠷᠠᠭᠠᠭᠤᠯ ᠵᠡᠷᠭᠡ ᠰᠢᠰᠲ᠋ᠧᠮ ᠢ | ᠲᠣᠬᠢᠷᠠᠭᠤᠯᠬᠤ ᠶᠢᠨ ᠬᠠᠮᠲᠤ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | 7. ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠣᠭᠠᠬᠤ ᠴᠠᠬᠢᠯᠭᠠᠨ ᠴᠡᠨᠡᠭᠯᠡᠬᠦ ᠲᠠᠯᠠᠪᠤᠷ ᠭᠠᠵᠠᠷ ᠲᠤ ᠬᠠᠷᠠᠭᠠᠨ | ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠤᠭᠰᠠᠷᠠᠬᠤ ᠶᠢ ᠵᠣᠷᠢᠭᠵᠢᠭᠤᠯᠵᠤ᠂ ᠴᠠᠬᠢᠯᠭᠠᠨ ᠱᠠᠲᠤ ᠶᠢᠨ ᠳᠣᠲᠣᠷ᠎ᠠ | AI ᠣᠶᠤᠨᠴᠢ ᠪᠠᠷ ᠲᠡᠷᠭᠡ ᠬᠤᠷᠢᠭᠯᠠᠬᠤ ᠰᠢᠰᠲ᠋ᠧᠮ ᠢ ᠤᠭᠰᠠᠷᠠᠨ᠎ᠠ᠃ | 8. ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠵᠣᠭᠰᠣᠭᠠᠬᠤ ᠶᠢ ᠴᠠᠭᠠᠵᠠᠯᠠᠬᠤ ᠣᠷᠣᠨ ᠳᠤ | ᠢᠯᠡ ᠲᠣᠳᠣ ᠲᠡᠮᠳᠡᠭ ᠨᠠᠭᠠᠬᠤ ᠬᠡᠷᠡᠭᠲᠡᠶ︔ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠬᠤ᠂ ᠴᠠᠬᠢᠯᠭᠠᠨ | ᠴᠡᠨᠡᠭᠯᠡᠬᠦ ᠣᠷᠣᠨ ᠢ ᠲᠣᠭᠲᠠᠭᠠᠯ ᠶᠣᠰᠣᠭᠠᠷ ᠲᠥᠪᠯᠡᠷᠡᠭᠦᠯᠦᠨ ᠪᠠᠶᠢᠷᠢᠯᠠᠭᠤᠯᠵᠤ᠂ ᠲᠤᠰᠬᠠᠶ ᠬᠥᠮᠦᠨ ᠲᠣᠮᠢᠯᠠᠨ | ᠰᠠᠬᠢᠭᠤᠯᠪᠠ᠃ | 9. ᠨᠡᠶᠢᠭᠡᠮ ᠲᠣᠭᠤᠷᠢᠭ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠪᠠᠶᠢᠴᠠᠭᠠᠵᠤ | ᠲᠣᠭᠤᠷᠢᠨ ᠪᠠᠶᠢᠴᠠᠭᠠᠬᠤ ᠪᠠ ᠭᠠᠯ ᠤᠨᠲᠠᠷᠠᠭᠠᠬᠤ ᠤᠬᠠᠭᠤᠯᠭ᠎ᠠ ᠶᠢ ᠦᠷᠭᠦᠯᠵᠢ ᠵᠣᠬᠢᠶᠠᠨ ᠪᠠᠶᠢᠭᠤᠯᠤᠨ ᠥᠷᠨᠢᠭᠦᠯᠵᠦ᠂ | ᠴᠠᠬᠢᠯᠭᠠᠨ ᠬᠥᠳᠡᠯᠭᠡᠭᠦᠷᠲᠦ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠬᠤ᠂ ᠴᠠᠬᠢᠯᠭᠠᠨ ᠴᠡᠨᠡᠭᠯᠡᠬᠦ ᠦᠢᠯᠡ | ᠠᠵᠢᠯᠯᠠᠭ᠎ᠠ ᠶᠢ ᠴᠠᠭ ᠲᠤᠬᠠᠶ ᠳᠤᠨᠢ ᠢᠳᠬᠠᠨ ᠬᠤᠷᠢᠭᠯᠠᠵᠤ᠂ ᠬᠤᠷᠢᠭᠯᠠᠨ ᠵᠣᠭᠰᠣᠭᠠᠵᠤ᠂ ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ | ᠠᠬᠤᠶ ᠶᠢᠨ ᠬᠠᠮᠢᠶᠠᠷᠤᠯᠲᠠ ᠶᠢᠨ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ | ᠵᠢᠷᠤᠮᠯᠠᠬᠤ ᠬᠡᠷᠡᠭᠲᠡᠶ᠃ | ᠬᠤᠶᠠᠷ᠂ ᠳᠣᠤᠷᠠᠬᠢ ᠠᠮᠢ ᠵᠢᠭᠤᠲᠠᠬᠤ ᠠᠷᠭ᠎ᠠ ᠶᠢ ᠡᠵᠡᠮᠰᠢᠬᠦ ᠬᠡᠷᠡᠭᠲᠡᠶ | 1. ᠬᠡᠷᠪᠡ ᠠᠰᠠᠷ ᠤᠨ ᠳᠠᠪᠬᠤᠷᠭ᠎ᠠ ᠨᠢᠭᠡᠨᠲᠡ ᠭᠠᠯ ᠭᠠᠷᠤᠭᠰᠠᠨ ᠪᠣᠯᠪᠠᠴᠤ ᠱᠠᠲᠤ ᠨᠢᠭᠡᠨᠲᠡ ᠪᠢᠲᠡᠭᠦᠮᠵᠢᠯᠡᠭᠰᠡᠨ | ᠦᠭᠡᠢ ᠪᠠᠶᠢᠵᠤ᠂ ᠲᠦᠢᠮᠡᠷ ᠲᠤᠭᠳᠠᠪᠤᠷᠢ ᠦᠭᠡᠢ ᠪᠠᠶᠢᠵᠤ᠂ ᠳᠡᠪᠲᠦᠭᠦᠨ ᠳᠡᠪᠲᠦᠭᠡᠭᠰᠡᠨ ᠬᠤᠪᠴᠠᠰᠤ ᠬᠤᠨᠠᠷ ᠢᠶᠠᠨ | ᠨᠥᠮᠥᠷᠴᠦ᠂ ᠠᠰᠠᠷ ᠳᠡᠭᠡᠷ᠎ᠡ ᠲᠦᠷᠭᠡᠨ ᠪᠥᠭᠡᠳ ᠡᠮᠬᠢ ᠵᠢᠷᠤᠮ ᠲᠠᠢ ᠪᠠᠷ ᠠᠰᠠᠷ ᠠᠴᠠ ᠪᠠᠭᠤᠵᠤ᠂ ᠠᠯᠢ | ᠴᠢᠳᠠᠬᠤ ᠪᠠᠷ ᠪᠦᠬᠦ᠋ᠢᠨ ᠬᠠᠮᠤᠭ ᠳᠣᠣᠷ᠎ᠠ ᠪᠤᠶᠤ ᠮᠥᠯᠬᠦᠨ ᠤᠷᠤᠭᠰᠢᠯᠠᠨ᠎ᠠ᠂ ᠨᠦᠢᠲᠠᠨ ᠬᠥᠪᠥᠩ ᠤᠨ | ᠠᠯᠴᠢᠭᠤᠷ ᠢᠶᠠᠷ ᠠᠮᠠ ᠬᠠᠮᠠᠷ ᠢᠶᠠᠨ ᠪᠦᠭᠯᠡᠵᠦ ᠪᠣᠯᠣᠨ᠎ᠠ᠃ | 2. ᠭᠠᠯ ᠭᠠᠷᠪᠠᠯ ᠴᠠᠬᠢᠯᠭᠠᠨ ᠱᠠᠲᠤ ᠳᠤ ᠶᠠᠭᠠᠬᠢᠭᠰᠠᠨ ᠴᠤ ᠰᠠᠭᠤᠵᠤ ᠪᠣᠯᠬᠤ ᠥᠬᠡᠶ᠂ ᠵᠠᠪᠠᠯ ᠠᠰᠠᠷ ᠤᠨ | ᠱᠠᠲᠤ᠂ ᠲᠠᠷᠬᠠᠭᠠᠬᠤ ᠵᠠᠮ ᠵᠡᠷᠭᠡ ᠠᠮᠤᠷ ᠲᠦᠪᠰᠢᠨ ᠭᠠᠷᠬᠤ ᠡᠭᠦᠳᠡ ᠪᠠᠷ ᠳᠠᠮᠵᠢᠭᠤᠯᠤᠨ ᠠᠮᠢ ᠵᠢᠭᠤᠲᠠᠬᠤ ᠬᠡᠷᠡᠭᠲᠡᠶ᠃ | | 3.ᠥᠷᠥᠭᠡᠨ ᠠᠴᠠ ᠤᠬᠤᠷᠢᠬᠤ ᠦᠶ᠎ᠡ ᠳᠤ ᠤᠷᠢᠳᠠ ᠪᠠᠷ ᠬᠠᠭᠠᠯᠭ᠎ᠠ ᠶᠢ ᠲᠡᠮᠲᠡᠷᠢᠵᠦ ᠪᠠᠷᠢᠭᠤᠯ᠂ ᠬᠡᠷᠪᠡ | ᠳᠤᠯᠠᠭᠠᠨ ᠤ ᠬᠡᠮᠵᠢᠶ᠎ᠡ ᠥᠨᠳᠥᠷ ᠪᠣᠯ ᠡᠭᠦᠳᠡᠨ ᠤ ᠵᠠᠪᠰᠠᠷ ᠢᠶᠠᠷ ᠰᠢᠷᠭᠤᠵᠤ᠂ ᠬᠠᠭᠠᠯᠭ᠎ᠠ ᠶᠢ ᠪᠢᠲᠡᠭᠡᠢ ᠬᠠᠭᠠᠯᠭ᠎ᠠ ᠶᠢ | ᠨᠡᠭᠡᠭᠡᠷᠡᠢ᠃ ᠪᠤᠢ ᠪᠥᠬᠦᠢ ᠡᠭᠦᠳᠡ ᠴᠣᠩᠬᠤ ᠪᠠᠨ ᠬᠠᠭᠠᠵᠤ᠂ ᠨᠦᠲᠠᠨ ᠠᠯᠴᠢᠭᠤᠷ ᠢᠶᠠᠷ ᠬᠠᠮᠠᠷ ᠢᠶᠠᠨ ᠪᠦᠭᠯᠡᠬᠦ ᠶᠢᠨ | ᠬᠠᠮᠲᠤ ᠡᠭᠦᠳᠡᠨ ᠤ ᠵᠠᠪᠰᠠᠷ ᠢ ᠪᠥᠭᠯᠡᠵᠦ᠂ ᠤᠲᠤᠭ᠎ᠠ ᠰᠢᠲᠠᠵᠤ ᠣᠷᠣᠵᠤ ᠢᠷᠡᠬᠦ ᠶᠢ ᠰᠡᠷᠭᠡᠢᠯᠡᠬᠦ ᠬᠡᠷᠡᠭᠲᠡᠢ᠃ | ᠳᠥᠷᠪᠡ᠂ ᠠᠰᠠᠷ ᠤᠨ ᠱᠠᠲᠤ ᠪᠢᠲᠡᠭᠦᠮᠵᠢᠯᠡᠭᠰᠡᠨ ᠪᠤᠶᠤ ᠭᠠᠯ ᠤᠨ ᠪᠠᠶᠢᠳᠠᠯ ᠢ ᠡᠵᠡᠮᠳᠡᠬᠦ ᠳᠤ ᠬᠦᠴᠢᠷᠲᠡᠶ ᠪᠠᠶᠢᠪᠠᠯ | ᠨᠠᠷᠠᠪᠴᠢ᠂ ᠤᠬᠢᠶᠠᠯᠭ᠎ᠠ ᠶᠢᠨ ᠭᠡᠷ ᠵᠡᠷᠭᠡ ᠭᠠᠯ ᠤᠨ ᠡᠬᠢ ᠡᠭᠦᠰᠦᠯ ᠨᠡᠯᠢᠶᠡᠳ ᠬᠤᠯᠠ ᠭᠠᠵᠠᠷ ᠲᠤ ᠣᠴᠢᠵᠤ | ᠠᠪᠤᠷᠠᠨ ᠲᠤᠰᠠᠯᠠᠬᠤ ᠶᠢ ᠬᠦᠯᠢᠶᠡᠬᠦ ᠬᠡᠷᠡᠭᠲᠡᠶ᠃ | ᠭᠤᠷᠪᠠ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠭᠡᠬᠦ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠶᠢᠨ ᠵᠢᠷᠠᠨ | ᠳᠥᠷᠪᠡᠳᠦᠭᠡᠷ ᠵᠦᠢᠯ ᠳᠤ ᠲᠣᠭᠲᠠᠭᠠᠭᠰᠠᠨ ᠠᠳᠡᠯ ᠨᠢ ᠭᠠᠯ ᠤᠨ ᠠᠶᠤᠯ ᠭᠠᠷᠴᠤ᠂ ᠬᠠᠷᠠᠬᠠᠨ ᠶᠠᠯ᠎ᠠ ᠳᠤ ᠬᠦᠷᠦᠭᠡᠳᠦᠶ | ᠪᠣᠯ 10 ᠤ ᠡᠳᠦᠷ ᠠᠴᠠ ᠳᠡᠭᠡᠭᠰᠢ 15 ᠤ ᠡᠳᠦᠷ ᠠᠴᠠ ᠳᠣᠷᠣᠭᠰᠢ ᠲᠦᠷ ᠬᠤᠷᠢᠬᠤ ᠪᠠᠷ ᠰᠢᠳᠬᠡᠵᠦ᠂ 500 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠵᠦ ᠪᠣᠯᠤᠨ᠎ᠠ ᠦᠢᠯᠡ ᠪᠠᠶᠢᠳᠠᠯ ᠨᠢ | ᠨᠡᠯᠢᠶᠡᠳ ᠬᠥᠩᠭᠡᠨ ᠪᠣᠯ ᠰᠡᠷᠡᠮᠵᠢ ᠥᠭᠬᠦ ᠪᠤᠶᠤ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ︽ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠣᠭᠲᠠᠭᠠᠯ︾ ᠤᠨ ᠭᠤᠴᠢᠨ ᠳᠣᠯᠣᠳᠤᠭᠠᠷ ᠵᠦᠢᠯ ᠳᠤ᠂ ᠠᠷᠠᠳ ᠤᠨ ᠬᠡᠷᠡᠭᠯᠡᠭᠡᠨ ᠤ | ᠪᠠᠷᠢᠯᠭ᠎ᠠ ᠶᠢᠨ ᠣᠯᠠᠨ ᠨᠡᠶᠢᠲᠡ ᠶᠢᠨ ᠡᠭᠦᠳᠡ ᠶᠢᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤᠨ ᠤ | ᠲᠠᠰᠤᠯᠭ᠎ᠠ᠂ ᠠᠮᠤᠷ ᠲᠦᠪᠰᠢᠨ ᠢᠶᠠᠷ ᠭᠠᠷᠬᠤ ᠡᠭᠦᠳᠡᠨ ᠳᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠬᠤ | ᠪᠤᠶᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠶᠢ ᠴᠠᠭᠠᠵᠠᠯᠠᠨ᠎ᠠ᠃ ᠳᠡᠭᠡᠷ᠎ᠡ ᠳᠤᠷᠠᠳᠤᠭᠰᠠᠨ | ᠱᠠᠭᠠᠷᠳᠠᠯᠭ᠎ᠠ ᠠᠴᠠ ᠵᠥᠷᠢᠴᠡᠨ᠂ ᠵᠠᠯᠠᠷᠠᠭᠤᠯᠬᠤ ᠶᠢ ᠲᠡᠪᠴᠢᠪᠡᠯ ᠭᠠᠯ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠠᠴᠠ ᠡᠵᠡᠩᠨᠡᠯᠲᠡ ᠶᠢᠨ ᠴᠢᠨᠠᠷᠲᠠᠶ ᠨᠢᠭᠡᠴᠡ ᠪᠣᠯᠤᠨ ᠬᠤᠪᠢ ᠬᠥᠮᠦᠨ ᠢ 2000 ᠲᠥᠭᠦᠷᠢᠭ ᠠᠴᠠ | ᠳᠡᠭᠡᠭᠰᠢ 10000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠡᠵᠡᠩᠨᠡᠯᠲᠡ ᠶᠢᠨ ᠪᠤᠰᠤ ᠴᠢᠨᠠᠷᠲᠠᠶ | ᠨᠢᠭᠡᠴᠡ ᠪᠣᠯᠤᠨ ᠬᠤᠪᠢ ᠬᠥᠮᠦᠨ ᠢ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠲᠦᠷᠢᠮ︾ ᠤᠨ ᠵᠢᠷᠠᠨ | ᠲᠠᠪᠤᠳᠤᠭᠠᠷ ᠵᠦᠢᠯ ᠳᠤ᠄ ᠣᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤ ᠶᠢᠨ | ᠲᠠᠰᠤᠯᠭ᠎ᠠ᠂ ᠠᠮᠤᠷ ᠲᠦᠪᠰᠢᠨ ᠭᠠᠷᠬᠤ ᠡᠭᠦᠳᠡ ᠵᠡᠷᠭᠡ ᠣᠯᠠᠨ ᠨᠡᠶᠢᠲᠡ ᠶᠢᠨ ᠣᠷᠣᠨ ᠪᠦᠰᠡ ᠳᠤ ᠴᠠᠬᠢᠯᠭᠠᠨ | ᠬᠥᠳᠡᠯᠭᠡᠭᠦᠷᠲᠦ ᠲᠡᠷᠭᠡ ᠶᠢ ᠵᠣᠭᠰᠣᠭᠠᠭᠰᠠᠨ ᠪᠤᠶᠤ ᠴᠠᠬᠢᠯᠭᠠᠨ ᠬᠥᠳᠡᠯᠭᠡᠭᠦᠷᠲᠦ ᠲᠡᠷᠭᠡ ᠪᠠᠷ ᠴᠠᠬᠢᠯᠭᠠᠨ ᠴᠡᠨᠡᠭᠯᠡᠭᠰᠡᠨ | ᠪᠠᠶᠢᠪᠠᠯ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ | ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠡᠵᠡᠩᠨᠡᠯᠲᠡ ᠶᠢᠨ ᠪᠤᠰᠤ ᠴᠢᠨᠠᠷᠲᠠᠶ ᠨᠢᠭᠡᠴᠢ ᠪᠠ ᠬᠤᠪᠢ ᠬᠥᠮᠦᠨ ᠢ | 2000 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠵᠤ᠂ | ᠡᠵᠡᠩᠨᠡᠯᠲᠡ ᠶᠢᠨ ᠪᠤᠰᠤ ᠴᠢᠨᠠᠷᠲᠠᠶ ᠨᠢᠭᠡᠴᠢ ᠪᠠ ᠬᠤᠪᠢ ᠬᠥᠮᠦᠨ ᠢ 500 ᠲᠥᠭᠦᠷᠢᠭ ᠠᠴᠠ ᠳᠡᠭᠡᠭᠰᠢ 1000 | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ ᠭᠡᠵᠦ ᠲᠣᠭᠲᠠᠭᠠᠵᠠᠢ᠃ | ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ | ᠴᠠᠬᠢᠯᠭᠠᠨ ᠬᠥᠳᠡᠯᠭᠡᠭᠦᠷᠲᠦ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠵᠤ ᠴᠠᠬᠢᠯᠭᠠᠨ ᠴᠡᠨᠡᠭᠯᠡᠬᠦ ᠨᠢ | ᠵᠠᠯᠠᠷᠠᠭᠤᠯᠬᠤ ᠶᠢ ᠲᠡᠪᠴᠢᠵᠦ᠂ ᠬᠠᠤᠯᠢ ᠠᠴᠠ ᠵᠥᠷᠢᠴᠡᠭᠰᠡᠨ ᠦᠢᠯᠡ ᠪᠠᠶᠢᠳᠠᠯ ᠪᠣᠯᠵᠣ ᠪᠦᠷᠢᠯᠳᠦᠭᠰᠡᠨ ᠪᠠᠶᠢᠪᠠᠯ᠂ | ᠬᠠᠤᠯᠢ ᠶᠣᠰᠣᠭᠠᠷ ᠰᠢᠳᠬᠡᠨ ᠲᠣᠷᠭᠠᠬᠤ ᠪᠤᠶᠤ ᠵᠠᠰᠠᠭ ᠵᠠᠬᠢᠷᠭᠠᠨ ᠤ ᠲᠦᠷ ᠬᠤᠷᠢᠯᠲᠠ ᠥᠭᠭᠦᠨ᠎ᠡ︔ ᠬᠤᠪᠢ | ᠬᠥᠮᠦᠨ ᠤ ᠰᠢᠯᠲᠠᠭᠠᠨ ᠠᠴᠠ ᠪᠤᠯᠵᠤ ᠭᠠᠯ ᠤᠨ ᠠᠶᠤᠯ ᠭᠠᠷᠴᠤ᠂ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ | ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠪᠦᠬᠦ ᠰᠢᠶᠠᠨ ᠤ | ᠥᠷᠭᠡᠨ ᠤᠯᠠᠨ ᠰᠠᠭᠤᠭᠠᠯᠢ ᠠᠷᠠᠳ ᠡᠷᠬᠡᠪᠰᠢ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢᠶᠠᠨ | ᠴᠢᠩᠭᠠᠳᠬᠠᠵᠤ᠂ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠬᠡᠷᠡᠭᠲᠡᠶ᠃ | ᠬᠡᠷᠪᠡ ᠥᠷᠭᠡᠨ ᠣᠯᠠᠨ ᠰᠠᠭᠤᠭᠠᠯᠢ ᠠᠷᠠᠳ ᠳᠡᠷᠭᠡᠳᠡᠬᠢ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠭᠠᠯ ᠤᠨᠲᠠᠷᠠᠭᠠᠬᠤ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ | ᠢᠯᠡᠴᠢᠯᠡᠨ ᠮᠡᠳᠡᠭᠦᠯᠵᠦ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ | ᠲᠡᠷᠡ ᠳᠠᠷᠤᠶ ᠳᠤᠨᠢ ᠬᠠᠮᠢᠶ᠎ᠠ ᠪᠥᠬᠦᠶ ᠰᠦᠪᠡᠭᠴᠢ ᠶᠢ ᠬᠢᠨᠠᠨ ᠬᠠᠷᠭᠤᠭᠤᠯᠵᠤ ᠪᠠᠶᠢᠴᠠᠭᠠᠨ ᠰᠢᠢᠳᠪᠦᠷᠢᠯᠡᠵᠦ᠂ ᠪᠣᠳᠠᠲᠤ | ᠠᠵᠢᠯᠯᠠᠭ᠎ᠠ ᠪᠠᠷ ᠢᠶᠠᠨ ᠠᠷᠠᠳ ᠤᠨ ᠵᠣᠪᠠᠨᠢᠯ ᠢ ᠠᠷᠢᠯᠭᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠭᠠᠯ ᠤᠨᠲᠠᠷᠠᠭᠠᠬᠤ ᠪᠠᠶᠢᠭᠤᠯᠤᠮᠵᠢ ᠶᠢᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ | ᠤᠲᠠᠰᠤ᠄ 0474 - 12345 | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ | ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠤᠲᠠᠰᠤ᠄ 0474 - 4201232 | ᠣᠨᠴᠠᠭᠠᠶᠢᠯᠠᠨ ᠵᠠᠷᠯᠠᠨ ᠨᠡᠶᠢᠲᠡᠯᠡᠪᠡ᠃ | | ᠯᠢᠶᠠᠩᠴᠧᠩ ᠰᠢᠶᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ | 2024 ᠣᠨ ᠤ 3 ᠰᠠᠷ᠎ᠠ ᠶᠢᠨ 4 ᠤ ᠡᠳᠦᠷ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |