【 ᠯᠧᠢ ᠹᠧᠩ ᠠᠴᠠ ᠰᠤᠷᠤᠯᠴᠠᠬᠤ ᠲᠤᠷᠠᠰᠬᠠᠯ ᠤᠨ ᠡᠳᠦᠷ 】 ᠮᠠᠨ ᠤ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ︽ᠯᠧᠢ ᠹᠧᠩ ᠠᠴᠠ ᠰᠤᠷᠤᠯᠴᠠᠵᠤ᠂ ᠪᠣᠯᠪᠠᠰᠤᠨ ᠢ  ᠤᠶᠢᠯᠡᠳᠤᠯᠭᠡᠵᠢᠭᠦᠯᠦᠶ᠎ᠡ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/8
    ᠶᠡᠷᠦᠩᠬᠡᠶ ᠱᠦᠵᠢ ᠰᠢ ᠶᠢᠨ ᠫᠢᠩ ᠤᠨ ᠯᠸᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ ᠬᠥᠮᠦᠨ ᠪᠦᠬᠦᠨ  ᠳᠤ ᠰᠤᠷᠤᠯᠴᠠᠭᠤᠯᠬᠤ ᠶᠢᠨ ᠲᠥᠯᠥᠭᠡ᠂ 3 ᠰᠠᠷ᠎ᠠ ᠶᠢᠨ 5 ᠤ ᠡᠳᠦᠷ᠂ ᠯᠢᠶᠠᠩᠴᠧᠩ ᠰᠢᠶᠠᠨ ᠤ ᠰᠠᠶᠢᠨ ᠳᠤᠷ᠎ᠠ ᠶᠢᠨ  ᠤᠶᠢᠯᠡᠴᠢᠯᠡᠭᠡᠨ ᠤ ᠶᠡᠷᠦᠩᠬᠡᠶ ᠠᠩᠭᠢ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ  ᠤᠶᠢᠯᠡᠳᠤᠯᠭᠡ ᠶᠢᠨ ᠤᠶᠢᠯᠡᠴᠢᠯᠡᠭᠡᠨ ᠤ ᠲᠥᠪ᠂ ᠤᠯᠠᠭᠠᠨᠮᠥ᠋ᠴᠢᠷ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠾᠧ ᠵᠢᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ ᠬᠠᠮᠲᠤᠷᠠᠨ ᠯᠢᠶᠠᠩᠴᠧᠩ ᠰᠢᠶᠠᠨ ᠤ ᠾᠧ ᠵᠢᠩ ᠵᠢᠶᠠ ᠶᠤᠸᠠᠨ ᠵᠢᠵᠢᠭ ᠲᠣᠭᠤᠷᠢᠭ ᠲᠤ ᠭᠦᠨᠵᠡᠭᠡᠶᠢᠷᠡᠨ ︽ᠯᠸᠢ ᠹᠧᠩ ᠠᠴᠠ ᠰᠤᠷᠤᠯᠴᠠᠵᠤ᠂ ᠪᠣᠯᠪᠠᠰᠤᠨ ᠢ   ᠤᠶᠢᠯᠡᠳᠤᠯᠭᠡᠵᠢᠭᠦᠯᠦᠶ᠎ᠡ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠵᠠᠯᠠᠭᠤ ᠡᠮᠴᠢ ᠰᠤᠪᠢᠯᠠᠭᠴᠢ ᠶᠢᠨ ᠰᠠᠶᠢᠨ ᠳᠤᠷ᠎ᠠ ᠶᠢᠨ ᠤᠶᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠭᠡᠰᠢᠭᠦᠳ ᠲᠤᠬᠠᠶ ᠶᠢᠨ ᠲᠠᠯᠠᠪᠠᠶ ᠳᠤ ᠰᠠᠭᠤᠭᠠᠯᠢ ᠠᠷᠠᠳ ᠲᠤ ᠴᠢᠰᠤᠨ ᠳᠠᠷᠤᠯᠲᠠ ᠪᠠ ᠴᠢᠰᠤᠨ ᠰᠢᠬᠢᠷ ᠢ  ᠰᠤᠶᠢᠳᠭᠡᠯ ᠬᠤᠷᠢᠶᠠᠬᠤ ᠥᠬᠡᠶ ᠪᠠᠷ ᠬᠡᠮᠵᠢᠨ ᠥᠭᠬᠦ ᠶᠢᠨ ᠬᠠᠮᠲᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠠᠰᠠᠭᠤᠨ ᠯᠠᠪᠯᠠᠬᠤ ᠰᠠᠭᠤᠭᠠᠯᠢ ᠠᠷᠠᠳ ᠲᠤ ᠬᠦᠯᠢᠴᠡᠩᠭᠦᠶ ᠪᠠᠷ ᠬᠠᠷᠢᠭᠤᠯᠲᠠ ᠥᠭᠪᠡ᠃ ᠲᠤᠬᠠᠢ ᠶᠢᠨ ᠲᠠᠯᠠᠪᠠᠢ ᠳᠤ ᠯᠸᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠬᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠤᠷᠲᠠᠯ ᠢ ᠥᠷᠨᠢᠭᠦᠯᠵᠦ᠂ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠣᠯᠵᠠᠢ᠃ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠪᠠᠰᠠ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
         ᠡᠭᠦᠨ ᠤ ᠬᠠᠮᠲᠤ ᠰᠢᠶᠠᠨ ᠤ ᠤᠯᠠᠭᠠᠨᠮᠥ᠋ᠴᠢᠷ ᠤᠨ ᠭᠡᠰᠢᠭᠦᠳ ᠰᠠᠭᠤᠭᠠᠯᠢ ᠠᠷᠠᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠬᠤᠶᠠᠷ ᠬᠥᠮᠦᠨ ᠤ ᠬᠠᠮᠲᠤᠷᠠᠭᠰᠠᠨ ᠳᠠᠭᠤᠤ ︽ᠵᠠᠭᠤᠨ ᠵᠢᠯ ᠤᠨ ᠡᠷᠡᠯᠬᠡᠭᠯᠡᠨ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ︾᠂ ᠪᠥᠵᠢᠭ ︽ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠮᠢᠨᠦ ᠭᠡᠷ ︾᠂ ᠯᠢᠮᠪᠤ ᠶᠢᠨ ᠭᠤᠴᠣᠯᠠᠯ ᠬᠥᠭᠵᠢᠮ ︽ᠲᠠᠰᠢᠭᠤᠷ ᠨᠠᠮᠢᠷᠠᠭᠤᠯᠤᠨ ᠠᠮᠤ ᠪᠤᠳᠠᠭ᠎ᠠ ᠵᠥᠭᠡᠭᠡᠪᠦᠷᠢᠯᠡᠨ ᠶᠠᠭᠠᠷᠠᠯᠳᠤᠶ︾ ᠵᠡᠷᠭᠡ ᠲᠣᠭᠯᠠᠯᠲᠠ ᠨᠢ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠤ ᠠᠯᠠᠭ᠎ᠠ ᠲᠠᠰᠢᠯᠳᠠ ᠶᠢ ᠤᠯᠪᠠ᠃ ᠾᠧ ᠵᠢᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠴᠧᠨ ᠶᠦᠨ ᠬᠤᠸᠠ᠄ ︽ᠡᠨᠡ ᠤᠳᠠᠭᠠᠨ ᠤ ᠯᠸᠢ ᠹᠧᠩ ᠠᠴᠠ ᠰᠤᠷᠤᠯᠴᠠᠬᠤ ᠵᠢᠷᠤᠮ ᠤᠨ ᠡᠮᠴᠢᠯᠡᠭᠡᠨ ᠤ ᠬᠥᠳᠡᠯᠭᠡᠭᠡᠨ ᠨᠢ ᠪᠢᠳᠡᠨ ᠳᠤ ᠴᠢᠰᠤᠨ ᠰᠢᠬᠢᠷ ᠢ ᠬᠡᠮᠵᠢᠵᠦ ᠥᠭᠭᠦᠭᠰᠡᠨ ᠪᠠᠶᠢᠨ᠎ᠠ᠂ ᠪᠢᠳᠡᠨ ᠤ ᠡᠩ ᠤᠨ ᠦᠶ᠎ᠡ ᠶᠢᠨ ᠢᠳᠡᠭᠡᠨ ᠤᠮᠳᠠᠭᠠᠨ᠂ ᠪᠢᠳᠡᠨ ᠤ ᠡᠷᠡᠭᠦᠯ ᠮᠡᠨᠳᠦ ᠶᠢᠨ ᠪᠠᠶᠢᠳᠠᠯ ᠢ ᠠᠩᠬᠠᠷᠴᠤ᠂ ᠪᠠᠰᠠ ᠢᠷᠡᠵᠦ ᠲᠣᠭᠯᠠᠯᠲᠠ ᠭᠠᠷᠭᠠᠵᠤ᠂ ᠮᠠᠨ ᠤ ᠠᠵᠢᠯ ᠤᠨ ᠴᠢᠯᠥᠭᠡᠨ ᠤ ᠬᠥᠳᠡᠯᠭᠡᠭᠡᠨ ᠢ ᠪᠠᠶᠠᠯᠢᠭᠵᠢᠭᠤᠯᠵᠤ᠂ ᠨᠠᠰᠤᠲᠠᠶᠢᠴᠤᠳ ᠤᠨ ᠠᠮᠢᠳᠤᠷᠠᠯ ᠢ ᠤᠯᠠᠮ ᠭᠠᠭᠴᠠᠭᠠᠷᠳᠠᠭᠤᠯᠬᠤ ᠦᠭᠡᠢ ᠪᠣᠯᠭᠠᠨ᠎ᠠ︾ ᠭᠡᠵᠦ ᠬᠡᠯᠡᠪᠡ᠃
         ᠲᠣᠰ ᠤᠳᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠯᠸᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠰᠤᠲᠠᠶᠢᠴᠤᠳ ᠲᠤ ᠨᠡᠶᠢᠭᠡᠮ ᠤᠨ ᠶᠡᠭᠡ ᠬᠡᠷ ᠪᠦᠯᠢ ᠶᠢᠨ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠬᠠᠮᠲᠤ ᠪᠠᠰᠠ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ ᠣᠯᠠᠨ ᠲᠦᠮᠡᠨ ᠢ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ ᠡᠭᠦᠷᠢᠳᠡ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠪᠠᠯᠠᠷᠠᠰᠢ ᠥᠬᠡᠶ ᠵᠠᠯᠠᠭᠤ ᠨᠠᠰᠤᠨ ᠤ ᠬᠦᠴᠦᠨ ᠴᠢᠳᠠᠯ ᠢ ᠬᠢᠵᠠᠭᠠᠯᠠᠰᠢ ᠥᠬᠡᠶ ᠠᠷᠠᠳ ᠲᠦᠮᠡᠨ ᠳᠤ  ᠤᠶᠢᠯᠡᠴᠢᠯᠡᠬᠦ ᠶᠢ ᠤᠷᠢᠶᠠᠯᠠᠪᠠ᠃                                               ᠨᠠᠶᠢᠷᠠᠭᠤᠯᠤᠭᠴᠢ᠄  ᠯᠢ ᠬᠤᠩ ᠢᠦᠢ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2