ᠣᠶᠢᠷ᠎ᠠ ᠶᠢᠨ ᠬᠤᠭᠤᠴᠠᠭᠠᠨ ᠳᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ︽ᠤᠲᠠᠰᠤ ᠪᠠᠷ | ᠴᠠᠬᠢᠯᠭᠠᠨ ᠴᠡᠨᠡᠭᠯᠡᠬᠦ︾ ᠵᠡᠷᠭᠡ ᠬᠠᠮᠢᠶ᠎ᠠ ᠪᠥᠬᠦᠶ ᠭᠠᠯ ᠤᠨ ᠠᠶᠤᠯ᠂ ᠠᠳᠡᠯ ᠪᠠᠶᠢᠨ ᠳᠠᠬᠢᠨ ᠡᠭᠦᠰᠴᠦ᠂ ᠥᠷᠭᠡᠨ | ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠲᠦᠢᠯ ᠤᠨ ᠶᠡᠭᠡ ᠳᠠᠯᠳᠠ ᠬᠡᠮ | ᠤᠴᠠᠷᠠᠭᠤᠯᠤᠭᠰᠠᠨ ᠪᠠᠶᠢᠨ᠎ᠠ᠃ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠠᠶᠤᠯ ᠢ ᠪᠦᠲᠦᠮᠵᠢᠲᠡᠶ | ᠰᠡᠷᠭᠡᠶᠢᠯᠡᠨ ᠬᠤᠷᠢᠭᠯᠠᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠬᠠᠮᠠᠭᠠᠯᠠᠨ᠂ ᠣᠯᠠᠨ ᠨᠡᠶᠢᠲᠡ ᠶᠢᠨ ᠭᠠᠯ ᠤᠨᠲᠠᠷᠠᠭᠠᠬᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ 3 | ᠰᠠᠷ᠎ᠠ ᠶᠢᠨ 6 ᠤ ᠡᠳᠦᠷ᠂ ᠯᠢᠶᠠᠩᠴᠧᠩ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ | ᠯᠢᠶᠠᠩᠴᠧᠩ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠯᠢᠶᠠᠩᠴᠧᠩ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠠᠭᠠᠨᠴᠠᠪ | ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠯᠢᠶᠠᠩᠴᠧᠩ ᠬᠤᠪᠢᠶᠠᠷᠢ ᠺᠣᠮᠫᠠᠨᠢ ᠵᠢᠴᠢ ᠵᠢᠦ ᠶᠤᠸᠠᠨ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠬᠠᠮᠲᠤᠷᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ︽ | ᠤᠲᠠᠰᠤ ᠪᠠᠷ ᠴᠠᠬᠢᠯᠭᠠᠨ ᠴᠡᠨᠡᠭᠯᠡᠬᠦ︾ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃ | | ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠳᠤᠮᠳᠠ᠂ ᠠᠵᠢᠯᠲᠠᠳ ᠤᠷᠢᠳ ᠬᠤᠵᠢᠳ ᠬᠠᠶ ᠲᠢᠶᠠᠨ ᠵᠢᠶᠠ | ᠶᠤᠸᠠᠨ᠂ ᠬᠠᠶ ᠲᠢᠶᠠᠨ ᠱᠧᠩ ᠳ᠋ᠢ ᠪᠠᠷᠠᠭᠤᠨ ᠲᠣᠭᠤᠷᠢᠭ ᠲᠤ ᠬᠦᠷᠴᠦ ᠲᠤᠬᠠᠶ ᠶᠢᠨ ᠲᠠᠯᠠᠪᠤᠷ ᠤᠨ ᠪᠠᠶᠢᠴᠠᠭᠠᠯᠲᠠ | ᠬᠢᠵᠦ᠂ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠭᠰᠡᠨ ᠪᠥᠭᠡᠳ ᠪᠥᠭᠯᠡᠭᠰᠡᠨ᠂ ᠳᠤᠷ᠎ᠠ ᠪᠠᠷ ᠢᠶᠠᠨ ᠴᠠᠬᠢᠯᠭᠠᠨ | ᠤᠲᠠᠰᠤ ᠲᠠᠲᠠᠵᠤ ᠴᠠᠬᠢᠯᠭᠠᠨ ᠴᠡᠨᠡᠭᠯᠡᠭᠰᠡᠨ ᠵᠡᠷᠭᠡ ᠡᠷᠦᠶ ᠬᠤᠷᠤᠶ ᠥᠬᠡᠶ ᠦᠵᠡᠭᠳᠡᠯ ᠢ ᠲᠤᠬᠠᠶ ᠶᠢᠨ ᠲᠠᠯᠠᠪᠤᠷ ᠲᠤᠨᠢ | ᠢᠯᠭᠠᠷᠠᠭᠤᠯᠤᠨ ᠴᠡᠭᠴᠡᠯᠡᠬᠦ ᠶᠢᠨ ᠬᠠᠮᠲᠤ ᠲᠤᠬᠠᠶ ᠶᠢᠨ ᠲᠠᠯᠠᠪᠤᠷ ᠲᠤᠨᠢ ᠭᠠᠯ ᠤᠨᠲᠠᠷᠠᠭᠠᠬᠤ ᠠᠮᠤᠷ ᠲᠦᠪᠰᠢᠨ ᠤ | ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠴᠠᠬᠢᠯᠭᠠᠨ | ᠴᠡᠨᠡᠭᠯᠡᠬᠦ ᠪᠠᠭᠠᠨ᠎ᠠ ᠬᠡᠷᠡᠭᠯᠡᠵᠦ ᠲᠦᠷᠢᠮ ᠲᠣᠭᠲᠠᠭᠠᠯ ᠳᠤ ᠨᠡᠶᠢᠴᠡᠭᠦᠯᠦᠨ ᠴᠠᠬᠢᠯᠭᠠᠨ ᠴᠡᠨᠡᠭᠯᠡᠵᠦ᠂ ︽ᠤᠲᠠᠰᠤ ᠪᠠᠷ | ᠴᠠᠬᠢᠯᠭᠠᠨ ᠴᠡᠨᠡᠭᠯᠡᠬᠦ︾ ᠶᠢ ᠡᠷᠡᠰ ᠬᠤᠷᠢᠭᠯᠠᠪᠠ᠃ | ᠲᠤᠰᠬᠠᠶ ᠠᠵᠢᠯᠯᠠᠭ᠎ᠠ ᠳᠤᠮᠳᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠠᠵᠢᠯᠲᠠᠳ | ᠪᠠᠰᠠ ᠭᠠᠯ ᠤᠨᠲᠠᠷᠠᠭᠠᠬᠤ ᠠᠮᠤᠷ ᠲᠦᠪᠰᠢᠨ ᠤ ᠨᠡᠪᠲᠡᠷᠡᠬᠦ ᠵᠠᠮ ᠪᠠ ᠳᠤᠷ᠎ᠠ ᠪᠠᠷ ᠢᠶᠠᠨ ᠵᠠᠯᠭᠠᠵᠤ ᠳᠤᠷ᠎ᠠ ᠪᠠᠷ ᠢᠶᠠᠨ | ᠴᠠᠬᠢᠯᠭᠠᠨ ᠤᠲᠠᠰᠤ ᠲᠠᠲᠠᠭᠰᠠᠨ ᠰᠠᠭᠤᠭᠠᠯᠢ ᠠᠷᠠᠳ ᠢ ᠰᠠᠨᠠᠭᠠᠴᠢᠯᠠᠭ᠎ᠠ ᠠᠴᠠ ᠪᠠᠨ ᠢᠳᠬᠠᠨ ᠵᠢᠯᠣᠭᠤᠳᠴᠤ᠂ | ᠴᠠᠬᠢᠯᠭᠠᠨ ᠬᠥᠳᠡᠯᠭᠡᠭᠦᠷᠲᠦ ᠲᠡᠷᠭᠡ ᠶᠢ ᠰᠠᠭᠤᠭᠠᠯᠢ ᠠᠷᠠᠳ ᠤᠨ ᠠᠰᠠᠷ ᠲᠤ ᠵᠣᠭᠰᠣᠭᠠᠵᠤ ᠪᠠᠶᠢᠭ᠎ᠠ ᠭᠠᠯ | ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠬᠦᠯᠢᠴᠡᠩᠭᠦᠶ ᠪᠠᠷ ᠲᠠᠶᠢᠯᠪᠤᠷᠢᠯᠠᠪᠠ᠃ ᠠᠵᠢᠯᠲᠠᠨ ᠤ ᠢᠳᠬᠠᠯ | ᠳᠣᠣᠷ᠎ᠠ᠂ ᠲᠡᠷᠭᠡᠨ ᠤ ᠡᠵᠡᠨ ᠠᠵᠢᠯᠲᠠᠨ ᠲᠠᠢ ᠬᠠᠮᠲᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠢᠵᠢᠭ ᠲᠣᠭᠤᠷᠢᠭ ᠤᠨ | ᠲᠡᠷᠭᠡᠨ ᠤ ᠰᠠᠷᠠᠪᠴᠢ ᠳᠤ ᠰᠢᠯᠵᠢᠭᠦᠯᠦᠨ ᠣᠷᠣᠭᠤᠯᠵᠤ᠂ ᠠᠰᠠᠷ ᠤᠨ ᠵᠠᠮ ᠤᠨ ᠰᠠᠭᠠᠳ ᠦᠭᠡᠢ ᠨᠡᠪᠲᠡᠷᠡᠬᠦ ᠶᠢ | ᠪᠠᠲᠤᠯᠠᠪᠠ᠃ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠠᠵᠢᠯᠲᠠᠳ ᠪᠣᠯᠤᠨ ᠵᠢᠵᠢᠭ | ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠭᠴᠢ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ ᠶᠢ ᠲᠠᠭᠯᠠᠪᠠ᠃ | ᠬᠠᠢ ᠲᠢᠶᠠᠨ ᠱᠧᠩ ᠳ᠋ᠢ ᠲᠣᠭᠤᠷᠢᠭ ᠤᠨ ᠥᠮᠴᠢᠲᠡᠨ ᠵᠣᠣ ᠬᠤᠩ ᠬᠤᠩ᠄ ︽ᠲᠣᠰ ᠤᠳᠠᠭᠠᠨ ᠤ ᠴᠡᠭᠴᠡᠯᠡᠨ | ᠵᠠᠰᠠᠬᠤ ᠠᠵᠢᠯᠯᠠᠭ᠎ᠠ ᠪᠠᠷ ᠳᠡᠮᠵᠢᠨ᠂ ᠮᠠᠨ ᠤ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ | ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠦᠵᠡᠭᠳᠡᠯ ᠢ ᠮᠠᠰᠢ ᠰᠠᠶᠢᠨ ᠰᠢᠢᠳᠪᠦᠷᠢᠯᠡᠵᠦ᠂ ᠪᠠᠰᠠ | ᠵᠠᠷᠢᠮ ᠰᠠᠭᠤᠭᠠᠯᠢ ᠡᠷᠦᠬᠡ ᠶᠢᠨ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠬᠤ ᠠᠰᠠᠭᠤᠳᠠᠯ ᠢ ᠴᠤ ᠴᠡᠭᠴᠡᠯᠡᠨ | ᠵᠠᠰᠠᠵᠤ᠂ ᠮᠠᠨ ᠤ ᠲᠣᠭᠤᠷᠢᠭ ᠤᠨ ᠠᠮᠤᠷ ᠲᠦᠪᠰᠢᠨ ᠤ ᠳᠠᠯᠳᠠ ᠬᠡᠮ ᠢ ᠶᠡᠭᠡ ᠪᠠᠷ ᠪᠠᠭᠠᠰᠬᠠᠪᠠ︾ ᠭᠡᠪᠡ᠃ | ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢ ᠰᠠᠭᠤᠭᠠᠯᠢ ᠠᠷᠠᠳ ᠤᠨ ᠭᠠᠯ ᠤᠨᠲᠠᠷᠠᠭᠠᠬᠤ | ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠥᠪᠡᠷ ᠢ ᠪᠠᠨ | ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠵᠤ᠂ ᠲᠠᠷᠠᠭᠠᠴᠢ ᠶᠢᠨ | ᠠᠯᠬᠤᠮ ᠳᠤ᠂ ᠯᠢᠶᠠᠩᠴᠧᠩ ᠰᠢᠶᠠᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ︽ᠤᠲᠠᠰᠤ ᠪᠠᠷ ᠴᠠᠬᠢᠯᠭᠠᠨ | ᠴᠡᠨᠡᠭᠯᠡᠬᠦ︾ ᠦᠵᠡᠭᠳᠡᠯ ᠳᠤ ᠤᠬᠠᠭᠤᠯᠭ᠎ᠠ ᠬᠥᠮᠦᠵᠢᠯ ᠬᠢᠵᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ | ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠠᠮᠤᠷ ᠠᠮᠤᠭᠤᠯᠠᠩ | ᠡᠶ᠎ᠡ ᠵᠣᠬᠢᠴᠠᠯ ᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |