ᠵᠧᠩ ᠳ᠋ᠦᠩ ᠫᠢᠩ ᠣᠳᠣᠬᠠᠨ ᠤ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/1
   3 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠬᠡᠰᠡᠭ ᠰᠢᠶᠠᠩ ᠪᠠᠯᠭᠠᠰᠤᠨ ᠳᠤ ᠭᠦᠨᠵᠡᠭᠡᠶᠢᠷᠡᠨ ᠲᠠᠷᠠᠬᠠᠶ ᠪᠤᠯᠠᠵᠤ ᠳᠤᠷ᠎ᠠ ᠪᠠᠷ ᠢᠶᠠᠨ ᠪᠤᠯᠠᠰᠢᠯᠠᠭᠰᠠᠨ᠂ ᠳᠠᠷᠢᠵᠤ ᠲᠡᠵᠢᠭᠡᠨ ᠦᠷᠡᠵᠢᠭᠦᠯᠦᠭᠰᠡᠨ ᠪᠠᠶᠢᠳᠠᠯ ᠪᠠ ᠬᠡᠰᠡᠭ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠳᠤ ᠲᠤᠬᠠᠶ ᠶᠢᠨ ᠲᠠᠯᠠᠪᠤᠷ ᠤᠨ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠤᠳᠤᠷᠢᠳᠤᠯᠭ᠎ᠠ ᠳ᠋ᠦᠩ ᠰᠢᠶᠤᠤ ᠨᠢᠩ᠂ ᠸᠠᠩ ᠵᠢᠶᠦ᠋ᠨ ᠶᠦᠩ᠂ ᠹᠧᠩ ᠵᠢᠶᠦ᠋ᠨ᠂ ᠪᠠᠢ ᠯᠢ ᠵᠢᠶᠦ᠋ᠨ᠂ ᠸᠠᠩ ᠯᠸᠢ ᠣᠷᠣᠯᠴᠠᠪᠠ᠃    ᠬᠤᠩ ᠮᠤᠤ ᠪᠠᠯᠭᠠᠰᠤ ᠶᠢᠨ ᠭᠤᠣᠯ ᠵᠠᠮ ᠳᠠᠭᠠᠤ ᠶᠢᠨ ᠵᠠᠮ ᠤᠨ ᠬᠡᠰᠡᠭ ᠲᠤ᠂ ᠵᠧᠩ ᠳ᠋ᠦᠩ ᠫᠢᠩ ᠰᠤᠯᠠ ᠪᠤᠯᠠᠵᠤ ᠳᠤᠷ᠎ᠠ ᠪᠠᠷ ᠢᠶᠠᠨ ᠪᠤᠯᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠢᠯ ᠤᠨ ᠠᠬᠢᠴᠠ ᠵᠢᠴᠢ ᠠᠵᠢᠯ ᠤᠨ ᠠᠷᠭ᠎ᠠ ᠬᠡᠯᠪᠡᠷᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠣᠳᠠᠲᠠᠢ ᠱᠠᠭᠠᠷᠳᠠᠯᠭ᠎ᠠ ᠪᠠ ᠰᠠᠨᠠᠭᠤᠯᠭ᠎ᠠ ᠳᠤᠷᠠᠳᠴᠤ᠂ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠪᠠ᠃    ᠶᠦᠩ ᠰᠢᠩ ᠪᠠᠯᠭᠠᠰᠤᠨ ᠤ ᠱᠦᠢ ᠴᠢᠤᠸᠠᠨ ᠲᠣᠰᠬᠤᠨ ᠳᠤ᠂ ᠵᠧᠩ ᠳ᠋ᠦᠩ ᠫᠢᠩ ᠲᠡᠵᠢᠭᠡᠨ ᠦᠷᠡᠵᠢᠭᠦᠯᠬᠦ ᠡᠷᠦᠬᠡ ᠶᠢᠨ ᠭᠡᠷ ᠲᠤ ᠣᠷᠣᠵᠤ᠂ ᠲᠡᠵᠢᠭᠡᠨ ᠦᠷᠡᠵᠢᠭᠦᠯᠬᠦ ᠲᠤᠭ᠎ᠠ ᠬᠡᠮᠵᠢᠶ᠎ᠡ᠂ ᠡᠵᠡᠩᠨᠡᠯᠲᠡ ᠶᠢᠨ ᠦᠷ᠎ᠡ ᠠᠰᠢᠭ ᠪᠣᠯᠤᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠣᠳᠠᠲᠠᠢ ᠪᠠᠶᠢᠳᠠᠯ ᠢ ᠣᠶᠢᠯᠠᠭᠠᠪᠠ᠃ ᠪᠠᠶᠢᠳᠠᠯ ᠢ ᠣᠶᠢᠯᠠᠭᠠᠬᠤ ᠪᠠᠷ ᠳᠡᠮᠵᠢᠨ᠂ ᠵᠧᠩ ᠳ᠋ᠦᠩ ᠫᠢᠩ ᠦᠬᠡᠷ ᠲᠡᠵᠢᠭᠡᠬᠦ ᠡᠳᠦᠷ ᠲᠤᠲᠤᠮ ᠤᠨ ᠠᠷᠠᠴᠢᠯᠠᠨ ᠬᠠᠮᠢᠶᠠᠷᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠳᠤ ᠲᠠᠶᠢᠯᠪᠤᠷᠢᠯᠠᠯᠲᠠ ᠪᠠ ᠵᠢᠯᠣᠭᠤᠳᠤᠯᠭ᠎ᠠ ᠬᠢᠪᠡ᠃    ᠱᠢ ᠵᠢᠢ ᠠᠮᠤ ᠪᠤᠳᠠᠭᠠᠨ ᠤ ᠠᠵᠤ ᠠᠬᠤᠶᠢᠯᠠᠯ ᠳᠤ᠂ ᠵᠧᠩ ᠳ᠋ᠦᠩ ᠫᠢᠩ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠵᠢᠴᠢ ᠠᠵᠢᠯ ᠤᠨ ᠲᠥᠯᠥᠪᠵᠢᠭᠦᠯᠭᠡ ᠶᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠬᠦ᠂ ᠤᠬᠠᠭᠤᠯᠭ᠎ᠠ ᠪᠣᠯᠪᠠᠰᠤᠷᠠᠯ ᠢ ᠴᠢᠩᠭᠠᠳᠬᠠᠬᠤ᠂ ᠬᠡᠷᠡᠭᠯᠡᠭᠡ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠱᠠᠭᠠᠷᠳᠠᠯᠭ᠎ᠠ ᠳᠤᠷᠠᠳᠤᠭᠰᠠᠨ ᠪᠥᠭᠡᠳ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠪᠦᠬᠦ ᠬᠡᠯᠬᠢᠶ᠎ᠡ᠂ ᠪᠦᠬᠦ ᠠᠵᠢᠯᠳᠠᠨ ᠤ ᠬᠠᠮᠢᠶᠠᠷᠤᠯᠲᠠ ᠡᠵᠡᠮᠳᠡᠯ ᠢ ᠪᠡᠶᠡᠯᠡᠭᠦᠯᠵᠦ᠂ ᠦᠢᠯᠡᠳᠪᠦᠷᠢ ᠠᠴᠠ ᠭᠠᠷᠬᠤ ᠢᠳᠡᠭᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠢᠯᠡᠳᠬᠡᠪᠡ᠃ ᠬᠢᠨᠠᠨ ᠬᠠᠮᠢᠶᠠᠷᠬᠤ ᠠᠵᠢᠯᠲᠠᠨ ᠮᠡᠷᠭᠡᠵᠢᠯ ᠤᠨ ᠵᠢᠯᠣᠭᠤᠳᠣᠯᠭ᠎ᠠ ᠪᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠢ ᠰᠠᠶᠢᠲᠤᠷ ᠬᠠᠩᠭᠠᠵᠤ᠂ ᠠᠵᠤ ᠠᠬᠤᠶᠢᠯᠠᠯ ᠤᠨ ᠰᠠᠶᠢᠨ ᠰᠠᠶᠢᠬᠠᠨ ᠡᠷᠡᠭᠦᠯ ᠮᠡᠨᠳᠦ ᠶᠢᠨ ᠡᠵᠡᠩᠨᠡᠯᠲᠡ ᠶᠢ ᠠᠬᠢᠭᠤᠯᠬᠤ ᠬᠡᠷᠡᠭᠲᠡᠶ ᠭᠡᠵᠠᠢ᠃    ᠡᠨᠡ ᠬᠤᠭᠤᠴᠠᠭᠠᠨ ᠳᠤ᠂ ᠵᠧᠩ ᠳ᠋ᠦᠩ ᠫᠢᠩ ᠪᠠᠰᠠ ᠪᠡᠴᠢᠨ ᠠᠭᠤᠯᠠ ᠶᠢᠨ ᠠᠮᠢ ᠠᠬᠤᠢ ᠶᠢᠨ ᠬᠦᠷᠢᠶᠡᠯᠡᠩ ᠳᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠪᠣᠯᠣᠨ ᠪᠡᠴᠢᠨ ᠠᠭᠤᠯᠠ ᠶᠢᠨ ᠠᠮᠢ ᠠᠬᠤᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠲᠤᠬᠠᠢ ᠶᠢᠨ ᠭᠠᠵᠠᠷ ᠲᠤᠨᠢ    ᠪᠠᠶᠢᠴᠠᠭᠠᠨ ᠰᠤᠳᠤᠯᠤᠯᠲᠠ ᠬᠢᠵᠡᠢ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2