ᠯᠢᠶᠠᠩᠴᠧᠩ ᠰᠢᠶᠠᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/1
  ︽ᠥᠲᠡᠯᠪᠡᠯ ᠠᠰᠠᠷᠠᠮᠵᠢ ᠲᠠᠢ ᠪᠠᠶᠢᠬᠤ︾ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠨᠠᠰᠤᠵᠢᠯ ᠤᠨ ᠳᠠᠭᠠᠳᠬᠠᠯ ᠤᠨ ᠪᠠᠲᠤᠯᠠᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 29 ᠤ ᠡᠳᠦᠷ᠂ ᠯᠢᠶᠠᠩᠴᠧᠩ ᠰᠢᠶᠠᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠳ᠋ᠠᠶᠢᠬ᠎ᠠ ᠠᠭᠤᠳᠠᠮ ᠲᠠᠯᠠᠪᠠᠶ ᠳᠤ ︽ᠬᠥᠮᠦᠨ ᠪᠦᠬᠦᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯᠯᠠᠭ᠎ᠠ ᠶᠢ ᠡᠮᠬᠢ ᠵᠢᠷᠤᠮ ᠲᠠᠢ ᠳᠥᠯᠭᠢᠨ ᠠᠬᠢᠭᠤᠯᠪᠠ᠃
   ᠠᠵᠢᠯᠯᠠᠭ᠎ᠠ ᠨᠢ ᠬᠥᠨᠳᠡᠯᠡᠨ ᠪᠢᠴᠢᠭᠡᠰᠦ ᠲᠠᠲᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠪᠠ᠃ ᠰᠠᠭᠤᠭᠠᠯᠢ ᠠᠷᠠᠳ ᠤᠨ ᠳᠤᠷᠠᠳᠤᠭᠰᠠᠨ ᠠᠵᠢᠯ ᠠᠴᠠ ᠪᠠᠨ ᠪᠠᠭᠤᠵᠤ ᠠᠮᠠᠷᠠᠬᠤ ᠣᠯᠭᠤᠮᠵᠢ᠂ ᠳᠠᠭᠠᠳᠬᠠᠯ ᠳᠤ ᠣᠷᠣᠯᠴᠠᠬᠤ ᠭᠠᠷᠳᠠᠮ ᠵᠡᠷᠭᠡ ᠬᠠᠮᠢᠶ᠎ᠠ ᠪᠦᠬᠦᠢ ᠠᠰᠠᠭᠤᠳᠠᠯ ᠳᠤ ᠴᠢᠭᠯᠡᠭᠦᠯᠦᠨ ᠨᠠᠷᠢᠨ ᠨᠢᠮᠪᠠᠶ ᠬᠠᠷᠢᠭᠤᠯᠲᠠ ᠥᠭᠴᠦ᠂ ᠥᠷᠭᠡᠨ ᠣᠯᠠᠨ ᠲᠦᠮᠡᠨ ᠤ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠭᠦᠢᠴᠡᠳ ᠲᠠᠨᠢᠯᠲᠠ ᠲᠠᠢ ᠪᠣᠯᠪᠠ᠃
   ᠰᠠᠭᠤᠭᠠᠯᠢ ᠠᠷᠠᠳ ᠳ᠋ᠦ᠋ ᠵᠢᠶᠦ᠋ᠨ ᠱᠧᠩ    ᠡᠨᠡ ᠬᠦ ᠠᠵᠢᠯᠯᠠᠭ᠎ᠠ ᠨᠢ ᠮᠠᠨ ᠤ ᠨᠠᠰᠤᠲᠠᠶᠢᠴᠤᠳ ᠲᠤ ᠠᠪᠴᠤ ᠬᠡᠯᠡᠪᠡᠯ ᠠᠰᠢᠭᠲᠠᠢ ᠶᠤᠮ᠂ ᠪᠢ ᠮᠠᠨ ᠤ ᠨᠠᠰᠤᠲᠠᠶᠢᠴᠤᠳ ᠤᠨ ᠳᠠᠭᠠᠳᠬᠠᠯ ᠳᠤ ᠢᠳᠡᠪᠬᠢᠲᠡᠢ ᠣᠷᠣᠯᠴᠠᠬᠤ ᠶᠢ ᠬᠦᠰᠡᠵᠦ ᠪᠠᠶᠢᠨ᠎ᠠ᠃
    ᠯᠢᠶᠠᠩᠴᠧᠩ ᠰᠢᠶᠠᠨ ᠤ ᠨᠡᠶᠢᠭᠡᠮ ᠤᠨ ᠳᠠᠭᠠᠳᠬᠠᠯ ᠤᠨ ᠦᠢᠯᠡᠰ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠾᠥᠸᠧ ᠼᠠᠢ ᠰᠢᠶᠠ    ᠲᠣᠰ ᠤᠳᠠᠭᠠᠨ ᠤ ᠠᠵᠢᠯᠯᠠᠭ᠎ᠠ ᠨᠢ ᠭᠤᠤᠯᠳᠠᠭᠤ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠤᠨ ᠲᠣᠭᠤᠷᠢᠨ ᠳᠤ᠂ ᠪᠢᠳᠡ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠨᠠᠷᠢᠯᠢᠭ ᠣᠨᠣᠴᠠᠲᠠᠶ ᠪᠠᠷ ᠦᠢᠯᠡᠴᠢᠯᠡᠬᠦ᠂ ᠣᠶᠤᠨᠴᠢ ᠦᠢᠯᠡᠴᠢᠯᠡᠭᠡ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠲᠤ ᠰᠦᠯᠵᠢᠶᠡᠨ ᠳᠡᠭᠡᠷ᠎ᠡ ᠬᠡᠷᠡᠭ ᠡᠷᠭᠢᠯᠡᠬᠦ ᠲᠢᠩᠬᠢᠮ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠭᠠᠷ ᠤᠲᠠᠰᠤᠨ ᠤ APP᠂ ᠥᠪᠡᠰᠦᠪᠡᠨ ᠦᠢᠯᠡᠴᠢᠯᠡᠬᠦ ᠦᠵᠦᠭᠦᠷ᠂ ᠡᠯᠧᠺᠲᠷᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠣᠶᠤᠨᠴᠢᠯᠠᠭᠰᠠᠨ ᠦᠢᠯᠡᠴᠢᠯᠡᠭᠡ ᠶᠢ ᠥᠷᠭᠡᠨ ᠢᠶᠠᠷ ᠲᠠᠨᠢᠯᠴᠠᠭᠤᠯᠵᠤ᠂ ᠨᠡᠶᠢᠭᠡᠮ ᠤᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠤ ᠡᠯ᠎ᠡ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠲᠥᠬᠦᠮ ᠦᠵᠡᠭᠦᠯᠪᠡ᠃    ᠤᠬᠠᠭᠤᠯᠭ᠎ᠠ ᠶᠢᠨ ᠠᠵᠢᠯᠯᠠᠭ᠎ᠠ ᠨᠢ ᠪᠠᠰᠠ ᠲᠠᠷᠢᠶᠠᠯᠠᠩ ᠤᠨ ᠪᠠᠩᠬᠢ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ · ᠪᠠᠩᠬᠢ ᠶᠢ ᠨᠢᠭᠡ ᠴᠣᠭᠴᠠᠵᠢᠭᠤᠯᠤᠭᠰᠠᠨ  ᠤᠶᠢᠯᠡᠴᠢᠯᠡᠭᠡᠨ ᠤ ᠲᠣᠤᠷ ᠴᠡᠭ᠂ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠵᠢᠴᠢ ᠨᠡᠶᠢᠭᠡᠮ ᠲᠣᠭᠤᠷᠢᠭ ᠤᠨ ᠰᠠᠭᠤᠭᠠᠯᠢ ᠡᠷᠦᠬᠡ ᠶᠢᠨ ᠬᠡᠷ ᠲᠤ ᠭᠦᠨᠵᠡᠭᠡᠶᠢᠷᠡᠨ ᠲᠣᠰ ᠲᠣᠰ ᠤᠬᠠᠭᠤᠯᠭ᠎ᠠ ᠬᠢᠵᠦ᠂ ᠨᠢᠭᠤᠷᠳᠠᠨ ᠰᠣᠯᠢᠯᠴᠠᠬᠤ᠂ ᠴᠡᠭ ᠲᠤ ᠬᠦᠷᠴᠦ ᠠᠰᠠᠭᠤᠯᠲᠠ ᠬᠠᠷᠢᠭᠤᠯᠬᠤ ᠤᠬᠠᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠣᠯᠠᠨ ᠳᠤ ᠨᠡᠶᠢᠭᠡᠮ ᠤᠨ ᠪᠠᠲᠤᠯᠠᠭ᠎ᠠ ᠶᠢᠨ ᠤᠶᠢᠯᠡᠴᠢᠯᠡᠭᠡᠨ ᠤ ᠴᠣᠩᠬᠤᠪᠴᠢ᠂ ᠨᠡᠶᠢᠭᠡᠮ ᠤᠨ ᠪᠠᠩᠬᠢ ᠶᠢ ᠨᠢᠭᠡ ᠴᠣᠭᠴᠠᠵᠢᠭᠤᠯᠤᠭᠰᠠᠨ ᠤᠶᠢᠯᠡᠴᠢᠯᠡᠭᠡᠨ ᠤ ᠲᠣᠤᠷ ᠴᠡᠭ ᠤᠨ  ᠤᠶᠢᠯᠡᠳᠤᠯ ᠢ ᠣᠶᠢᠯᠠᠭᠠᠭᠤᠯᠵᠤ᠂ ︽ᠵᠢᠵᠢᠭ ᠴᠣᠩᠬᠤᠪᠴᠢ᠂ ᠲᠣᠮᠣ  ᠤᠶᠢᠯᠡᠴᠢᠯᠡᠭᠡ︾ ᠵᠡᠷᠭᠡ ᠨᠢᠭᠡ ᠥᠷᠲᠡᠭᠡ ᠮᠠᠶ᠋ᠢᠭ ᠤᠨ ᠤᠶᠢᠯᠡᠴᠢᠯᠡᠭᠡ ᠥᠷᠨᠢᠭᠦᠯᠪᠡ᠃
   ᠲᠣᠰ ᠤᠳᠠᠭᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠤᠬᠠᠭᠤᠯᠭ᠎ᠠ ᠶᠢᠨ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 1200 ᠭᠠᠷᠤᠶ ᠳᠡᠪᠲᠡᠷ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠬᠤ ᠶᠢ 180 ᠭᠠᠷᠤᠶ ᠤᠳᠠᠭ᠎ᠠ ᠭᠥᠯᠢᠶᠡᠨ ᠠᠪᠴᠤ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠰᠠᠶᠢᠨ ᠰᠠᠶᠢᠬᠠᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠠᠭᠤᠷ ᠠᠮᠢᠰᠬᠤᠯ ᠢ ᠪᠣᠶ ᠪᠣᠯᠭᠠᠵᠤ᠂ ︽ᠬᠥᠮᠦᠨ ᠪᠦᠬᠦᠨ ᠣᠷᠣᠯᠴᠠᠵᠤ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠶᠢ ᠪᠡᠶᠡᠯᠡᠭᠦᠯᠬᠦ ᠳᠤ ᠰᠠᠶᠢᠨ ᠰᠠᠶᠢᠬᠠᠨ ᠰᠠᠭᠤᠷᠢ ᠲᠠᠯᠪᠢᠵᠤ᠂ 2024 ᠣᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠷᠤᠭᠰᠢᠲᠠᠶ ᠬᠡᠷᠡᠭᠵᠢᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃                                                                                 ᠨᠠᠶᠢᠷᠠᠭᠤᠯᠤᠭᠴᠢ᠄   ᠶᠠᠩ  ᠿᠦᠢ ᠵᠧᠨ                                         ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2