ᠤᠯᠠᠭᠠᠨᠴᠠᠪ ᠬᠤᠲᠠ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠠᠳᠠᠯ | ᠤᠶᠢᠯᠡᠰ ᠴᠣᠭᠴᠠᠯᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠨᠢᠭᠡ᠂ ᠠᠵᠤ ᠠᠬᠤᠶᠢᠯᠠᠯ ᠤᠨ ᠠᠵᠢᠯ ᠣᠯᠭᠤᠯᠲᠠ ᠶᠢ ᠰᠢᠩᠭᠡᠭᠡᠨ ᠠᠪᠬᠤ ᠶᠢ ᠵᠤᠷᠢᠭᠵᠢᠭᠤᠯᠤᠨ᠎ᠠ᠃ | 1. ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠪᠣᠯᠤᠨ ᠰᠤᠷᠭᠠᠭᠤᠯᠢ ᠠᠴᠠ ᠪᠠᠨ ᠰᠠᠯᠤᠭᠠᠳ 2 | ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠲᠤ᠂ ᠲᠡᠭᠦᠨ ᠯᠦᠭᠡ 1 ᠵᠢᠯ ᠠᠴᠠ | ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠲᠡᠭᠦᠨ ᠳᠤ ᠨᠡᠶᠢᠭᠡᠮ ᠤᠨ ᠳᠠᠭᠠᠳᠬᠠᠯ ᠤᠨ ᠰᠤᠶᠢᠳᠭᠡᠯ | ᠲᠤᠰᠢᠶᠠᠭᠰᠠᠨ ᠵᠢᠵᠢᠭ ᠪᠢᠴᠢᠯ ᠠᠵᠤ ᠠᠬᠤᠶᠢᠯᠠᠯ ᠳᠤ ᠬᠠᠮᠤᠭ ᠤᠨ ᠣᠷᠳᠣ ᠳᠠᠭᠠᠨ 1 ᠵᠢᠯ ᠠᠴᠠ ᠬᠡᠲᠦᠷᠡᠬᠦ ᠥᠬᠡᠶ | ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠨ᠎ᠠ᠂ ᠡᠭᠦᠨ ᠳᠤ ᠳᠡᠭᠡᠳᠦ ᠰᠤᠷᠭᠠᠭᠤᠯᠢ ᠲᠡᠭᠦᠰᠦᠭᠰᠡᠳ ᠤᠨ | ᠬᠤᠪᠢ ᠬᠥᠮᠦᠨ ᠤ ᠲᠤᠰᠢᠶᠠᠪᠠᠰᠤ ᠵᠣᠬᠢᠬᠤ ᠬᠡᠰᠡᠭ ᠢ ᠪᠠᠭᠲᠠᠭᠠᠬᠤ ᠥᠬᠡᠶ᠃ ᠠᠵᠤ ᠠᠬᠤᠶᠢᠯᠠᠯ ᠤᠨ ᠳᠡᠭᠡᠳᠦ | ᠰᠤᠷᠭᠠᠭᠤᠯᠢ ᠲᠡᠭᠦᠰᠦᠭᠰᠡᠳ ᠲᠤ ᠪᠣᠳᠠᠲᠠᠶ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠵᠠᠷᠤᠳᠠᠯ ︵ᠨᠠᠰᠤᠵᠢᠯ ᠤᠨ | ᠠᠰᠠᠷᠠᠮᠵᠢ᠂ ᠡᠮᠴᠢᠯᠡᠭᠡ᠂ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠪᠠᠭᠲᠠᠨ᠎ᠠ︶ ᠤᠨ ᠶᠣᠰᠣᠭᠠᠷ ᠨᠥᠬᠦᠪᠥᠷᠢ | ᠣᠯᠭᠤᠨ᠎ᠠ᠃ | 2. ᠨᠥᠬᠦᠴᠡᠯ ᠳᠤ ᠨᠡᠶᠢᠴᠡᠬᠦ ᠨᠢᠭᠡᠴᠡ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠠᠵᠤ | ᠤᠶᠢᠯᠡᠳᠪᠤᠷᠢ ᠬᠤᠳᠠᠯᠳᠤᠭᠠᠨ ᠤ ᠡᠷᠦᠬᠡ ᠳᠤ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ | ᠵᠡᠷᠭᠡ ᠡᠯ᠎ᠡ ᠲᠥᠷᠥᠯ ᠤᠨ ᠠᠵᠢᠯ ᠣᠯᠭᠤᠯᠲᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠠᠳᠠᠯᠢ ᠲᠡᠭᠰᠢ ᠪᠠᠷ | ᠭᠥᠷᠳᠡᠬᠦ ᠪᠠᠷ ᠯᠠᠪᠯᠠᠯᠲᠠ ᠪᠣᠯᠭᠠᠵᠤ ᠪᠣᠯᠤᠨ᠎ᠠ᠃ | ᠬᠤᠶᠠᠷ᠂ ᠳᠡᠭᠡᠳᠦ ᠰᠤᠷᠭᠠᠭᠤᠯᠢ ᠲᠡᠭᠦᠰᠦᠭᠰᠡᠳ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠪᠠ | ᠠᠮᠢᠳᠤᠯᠢᠭ ᠢᠶᠠᠷ ᠠᠵᠢᠯ ᠤᠯᠭᠤᠨ᠎ᠠ᠃ | 1. ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠤᠶᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ | ᠵᠢᠴᠢ ᠳᠠᠮ ᠬᠦᠤ᠂ ᠭᠠᠶᠢᠯᠢ ᠰᠦᠶ᠋ᠳᠬᠡᠯ ᠢ ᠬᠠᠰᠤᠵᠤ ᠭᠡᠯᠳᠦᠷᠢᠭᠦᠯᠬᠦ᠂ ᠲᠠᠯᠠᠪᠤᠷ ᠭᠠᠵᠠᠷ ᠤᠨ ᠳᠡᠮᠵᠢᠯᠭᠡ ᠪᠠ ᠡᠯ᠎ᠡ | ᠲᠥᠷᠥᠯ ᠤᠨ ᠱᠠᠩᠨᠠᠵᠤ ᠨᠥᠬᠦᠪᠥᠷᠢᠯᠡᠬᠦ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠪᠠᠯᠠ ᠣᠷᠣᠭᠤᠯᠵᠤ ᠨᠡᠭᠡᠭᠡᠨ ᠬᠥᠭᠵᠢᠭᠦᠯᠦᠭᠰᠡᠨ ᠠᠳᠠᠯ | ᠤᠶᠢᠯᠡᠰ ᠴᠣᠭᠴᠠᠯᠠᠬᠤ ᠠᠴᠢᠶᠠᠯᠠᠪᠤᠷᠢ ᠶᠢ 30% ᠠᠴᠠ ᠳᠣᠤᠷ᠎ᠠ ᠥᠬᠡᠶ ᠲᠠᠯᠠᠪᠤᠷ ᠳᠣᠭᠢᠷᠠᠭᠤᠯᠤᠨ ᠳᠡᠭᠡᠳᠦ | ᠰᠤᠷᠭᠠᠭᠤᠯᠢ ᠲᠡᠭᠦᠰᠦᠭᠰᠡᠳ ᠲᠤ ᠰᠤᠶᠢᠳᠭᠡᠯ ᠬᠤᠷᠢᠶᠠᠬᠤ ᠥᠬᠡᠶ ᠪᠠᠷ ᠬᠠᠩᠭᠠᠵᠤ᠂ ᠨᠡᠪᠴᠢᠭᠦᠯᠬᠦ | ᠬᠤᠭᠤᠴᠠᠭ᠎ᠠ ᠶᠢ ᠡᠩ ᠤᠨ ᠪᠠᠶᠢᠳᠠᠯ ᠳᠤ 3 ᠵᠢᠯ ᠠᠴᠠ ᠬᠡᠲᠦᠷᠡᠭᠦᠯᠬᠦ ᠥᠬᠡᠶ᠃ ᠪᠤᠰᠤᠳ ᠠᠳᠠᠯ ᠤᠶᠢᠯᠡᠰ | ᠴᠣᠭᠴᠠᠯᠠᠬᠤ ᠠᠴᠢᠶᠠᠯᠠᠪᠤᠷᠢ ᠶᠢᠨ ᠳᠣᠲᠣᠷ᠎ᠠ᠂ ᠨᠥᠬᠦᠴᠡᠯ ᠲᠠᠢ ᠭᠠᠵᠠᠷ ᠣᠷᠣᠨ ᠨᠢ ᠲᠦᠷᠢᠶᠡᠰᠦᠨ ᠮᠥᠩᠭᠦ᠂ ᠤᠰᠤᠨ | ᠴᠠᠬᠢᠯᠭᠠᠨ ᠵᠡᠷᠭᠡ ᠶᠢᠨ ᠨᠥᠬᠦᠪᠥᠷᠢ ᠥᠭᠴᠦ ᠪᠣᠯᠤᠨ᠎ᠠ᠂ ᠪᠣᠳᠠᠲᠠᠶ ᠪᠠᠷᠢᠮᠵᠢᠶ᠎ᠠ ᠶᠢ ᠡᠯ᠎ᠡ ᠬᠤᠰᠢᠭᠤ ᠰᠢᠶᠠᠨ ᠬᠤᠲᠠ | ᠲᠣᠭᠤᠷᠢᠭ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃ | 2. ᠠᠩᠬ᠎ᠠ ᠤᠳᠠᠭ᠎ᠠ ᠠᠮᠵᠢᠯᠲᠠ ᠲᠠᠢ ᠪᠠᠷ ᠠᠳᠠᠯ ᠤᠶᠢᠯᠡᠰ ᠴᠣᠭᠴᠠᠯᠠᠭᠰᠠᠨ ᠰᠤᠷᠭᠠᠭᠤᠯᠢ ᠠᠴᠠ ᠪᠠᠨ | ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ︵ | ᠰᠤᠷᠭᠠᠭᠤᠯᠢ ᠳᠤ ᠪᠠᠶᠢᠭ᠎ᠠ ᠰᠣᠷᠣᠭᠴᠢ ᠪᠠᠭᠲᠠᠨ᠎ᠠ︶ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠪᠦᠷᠢᠳᠬᠡᠨ | ᠳᠠᠩᠰᠠᠯᠠᠭᠤᠯᠤᠭᠠᠳ 1 ᠵᠢᠯ ᠠᠴᠠ ᠳᠡᠭᠡᠭᠰᠢ ᠪᠣᠯᠤᠭᠰᠠᠨ᠂ ᠪᠤᠰᠤᠳ ᠬᠥᠳᠡᠯᠮᠦᠷᠢᠴᠢᠳ ᠢ ᠳᠠᠶᠢᠴᠢᠯᠠᠨ ᠠᠵᠢᠯ | ᠣᠯᠭᠤᠭᠰᠠᠨ ᠮᠥᠷᠲᠡᠭᠡᠨ ᠬᠡᠪ ᠤᠨ ᠶᠣᠰᠣᠭᠠᠷ ᠮᠡᠳᠡᠭᠦᠯᠵᠦ ᠭᠠᠶᠢᠯᠢ ᠲᠤᠰᠢᠶᠠᠭᠰᠠᠨ ᠪᠠᠶᠢᠪᠠᠯ᠂ 5000 | ᠲᠥᠭᠦᠷᠢᠭ ᠠᠴᠠ ᠳᠣᠤᠷ᠎ᠠ ᠥᠬᠡᠶ ᠨᠢᠭᠡ ᠤᠳᠠᠭ᠎ᠠ ᠶᠢᠨ ᠴᠢᠨᠠᠷᠲᠠᠶ ᠠᠳᠠᠯ ᠤᠶᠢᠯᠡᠰ ᠴᠣᠭᠴᠠᠯᠠᠬᠤ ᠨᠥᠬᠦᠪᠥᠷᠢ | ᠣᠯᠭᠤᠨ᠎ᠠ᠃ | 3. ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠮᠢᠳᠤᠯᠢᠭ ᠢᠶᠠᠷ ᠠᠵᠢᠯ ᠣᠯᠤᠭᠰᠠᠨ ᠤ ᠳᠠᠷᠠᠭ᠎ᠠ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ | ᠰᠤᠶᠢᠳᠭᠡᠯ ᠳᠤ ᠵᠣᠬᠢᠬᠤ ᠲᠣᠭᠠᠨ ᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠨ᠎ᠠ᠂ ᠨᠥᠬᠦᠪᠥᠷᠢ ᠶᠢᠨ | ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠲᠡᠭᠦᠨ ᠤ ᠪᠣᠳᠠᠲᠠᠶ ᠲᠤᠰᠢᠶᠠᠭᠰᠠᠨ ᠰᠦᠶ᠋ᠳᠬᠡᠯ ᠤᠨ 2/3 ᠠᠴᠠ ᠬᠡᠲᠦᠷᠡᠭᠦᠯᠵᠦ | ᠪᠣᠯᠬᠤ ᠥᠬᠡᠶ᠂ ᠨᠥᠬᠦᠪᠥᠷᠢ ᠶᠢᠨ ᠬᠤᠭᠤᠴᠠᠭ᠎ᠠ ᠶᠢ ᠬᠠᠮᠤᠭ ᠣᠷᠳᠣ ᠳᠠᠭᠠᠨ 2 ᠵᠢᠯ ᠠᠴᠠ ᠬᠡᠲᠦᠷᠡᠭᠦᠯᠵᠦ ᠪᠣᠯᠬᠤ | ᠥᠬᠡᠶ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ ᠳᠤ ︽ᠤᠷᠢᠳᠠᠪᠠᠷ ᠲᠤᠰᠢᠶᠠᠵᠤ ᠳᠠᠷᠠᠭ᠎ᠠ ᠨᠢ ᠨᠥᠬᠦᠪᠥᠷᠢᠯᠡᠬᠦ︾ | ᠶᠢ ᠬᠡᠷᠡᠭᠵᠢᠭᠦᠯᠦᠨ᠎ᠡ᠃ ᠮᠠᠰᠲ᠋ᠧᠷ ᠤᠨ ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯᠴᠢᠨ ᠤ ᠠᠩᠭᠢ᠂ | ᠪᠡᠯᠡᠳᠬᠡᠯ ᠮᠠᠰᠲ᠋ᠤᠷ ᠤᠨ ᠠᠩᠭᠢ ᠪᠠ ᠣᠨᠴᠣᠭᠤᠶ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠤᠨ ᠲᠡᠭᠦᠰᠦᠭᠰᠡᠳ ᠲᠤ ᠳᠡᠭᠡᠳᠦ ᠰᠤᠷᠭᠠᠭᠤᠯᠢ ᠲᠡᠭᠦᠰᠦᠭᠰᠡᠳ ᠢᠶᠠᠷ | ᠯᠠᠪᠯᠠᠯᠲᠠ ᠪᠣᠯᠭᠠᠨ ᠬᠠᠮᠢᠶ᠎ᠠ ᠪᠥᠬᠦᠶ ᠠᠵᠢᠯ ᠣᠯᠭᠤᠯᠲᠠ ᠶᠢᠨ ᠨᠥᠬᠦᠪᠥᠷᠢ ᠶᠢᠨ ᠲᠥᠷᠥ ᠶᠢᠨ | 4. ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠤᠶᠢᠯᠡᠰ ᠴᠣᠭᠴᠠᠯᠠᠬᠤ ᠪᠣᠳᠠᠲᠠᠶ ᠪᠣᠯᠪᠠᠰᠤᠷᠠᠭᠤᠯᠤᠯ | ᠪᠣᠯ ᠳᠡᠭᠡᠳᠦ ᠰᠤᠷᠭᠠᠭᠤᠯᠢ ᠲᠡᠭᠦᠰᠦᠭᠰᠡᠳ ᠤᠨ ᠥᠷᠨᠢᠭᠦᠯᠦᠭᠰᠡᠨ ᠳᠠᠭᠤᠷᠢᠶᠠᠮᠠᠯ ᠪᠣᠳᠠᠲᠠᠶ ᠪᠣᠯᠪᠠᠰᠤᠷᠠᠭᠤᠯᠤᠯ ᠤᠨ | ᠬᠢᠴᠢᠶᠡᠯ ᠢᠶᠠᠷ ᠳᠠᠮᠵᠢᠭᠤᠯᠤᠨ ᠲᠡᠳᠡᠨ ᠤ ᠠᠳᠠᠯ ᠤᠶᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ | ᠴᠢᠭᠯᠡᠭᠦᠯᠦᠭᠰᠡᠨ ᠰᠤᠶᠢᠳᠭᠡᠯ ᠬᠤᠷᠢᠶᠠᠬᠤ ᠥᠬᠡᠶ ᠪᠣᠯᠪᠠᠰᠤᠷᠠᠭᠤᠯᠤᠯ ᠪᠣᠯᠤᠨ᠎ᠠ᠃ ᠳᠡᠭᠡᠳᠦ ᠰᠤᠷᠭᠠᠭᠤᠯᠢ | ᠲᠡᠭᠦᠰᠦᠭᠰᠡᠳ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠤᠶᠢᠯᠡᠰ ᠴᠣᠭᠴᠠᠯᠠᠬᠤ ᠳᠠᠳᠤᠯᠭ᠎ᠠ | ᠪᠣᠯᠪᠠᠰᠤᠷᠠᠭᠤᠯᠤᠯ ᠳᠤ ᠣᠷᠣᠯᠴᠠᠬᠤ ᠴᠠᠭ ᠢ 108 ᠬᠢᠴᠢᠶᠡᠯ ᠤᠨ ᠴᠠᠭ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ | ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠶ᠋ᠯᠡᠰ ᠴᠣᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ | ᠬᠥᠮᠦᠰ ᠤᠨ ᠬᠡᠪᠴᠢᠶ᠎ᠡ ᠶᠢ ᠰᠤᠷᠤᠯᠭ᠎ᠠ ᠲᠡᠭᠦᠰᠦᠭᠰᠡᠨ ᠣᠨ ᠤ ᠳᠣᠲᠣᠷᠠᠬᠢ ᠪᠠ ᠰᠤᠷᠭᠠᠭᠤᠯᠢ ᠠᠴᠠ ᠪᠠᠨ ᠰᠠᠯᠤᠭᠠᠳ | ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ︵ᠮᠠᠰᠲ᠋ᠧᠷ ᠤᠨ ᠳᠡᠭᠡᠳᠦ | ᠰᠤᠷᠭᠠᠭᠤᠯᠢ ᠪᠠᠭᠲᠠᠨ᠎ᠠ︶ ᠪᠣᠯᠭᠠᠨ ᠳᠣᠭᠢᠷᠠᠭᠤᠯᠵᠤ᠂ ᠪᠣᠯᠪᠠᠰᠤᠷᠠᠭᠤᠯᠤᠯ ᠤᠨ ᠳᠠᠷᠠᠭ᠎ᠠ ᠪᠣᠯᠪᠠᠰᠤᠷᠠᠭᠤᠯᠤᠯ ᠳᠤ ᠬᠢᠷᠢ | ᠲᠡᠩᠴᠡᠭᠰᠡᠨ ᠦᠨᠡᠮᠯᠡᠯ ᠣᠯᠤᠭᠰᠠᠨ ᠪᠠᠶᠢᠪᠠᠯ᠂ ᠪᠠᠷᠢᠮᠵᠢᠶ᠎ᠠ ᠶᠣᠰᠣᠭᠠᠷ ᠠᠳᠠᠯ ᠤᠶᠢᠯᠡᠰ ᠴᠣᠭᠴᠠᠯᠠᠬᠤ | ᠪᠣᠯᠪᠠᠰᠤᠷᠠᠭᠤᠯᠤᠯ ᠤᠨ ᠨᠥᠬᠦᠪᠥᠷᠢ ᠣᠯᠭᠤᠨ᠎ᠠ᠃ ᠪᠣᠯᠪᠠᠰᠤᠷᠠᠭᠤᠯᠤᠯ ᠤᠨ ᠨᠥᠬᠦᠪᠥᠷᠢ ᠣᠯᠭᠤᠬᠤ ᠡᠲᠡᠭᠡᠳ ᠨᠢ ᠨᠢᠭᠡ | ᠵᠢᠯ ᠤᠨ ᠳᠣᠲᠣᠷ᠎ᠠ ᠠᠳᠠᠯᠢ ᠨᠢᠭᠡ ᠳᠡᠰ ᠤᠨ ᠠᠳᠠᠯ ᠤᠶᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠨᠥᠬᠦᠪᠥᠷᠢ ᠶᠢ | ᠳᠠᠪᠬᠤᠷᠳᠠᠭᠤᠯᠤᠨ ᠭᠥᠷᠳᠡᠵᠦ ᠪᠣᠯᠬᠤ ᠥᠬᠡᠶ᠃ | ᠭᠤᠷᠪᠠ᠂ ᠠᠵᠢᠯ ᠣᠯᠭᠤᠯᠲᠠ ᠶᠢᠨ ᠳᠠᠳᠤᠯᠭ᠎ᠠ | 1. ᠵᠠᠭᠤᠨ ᠲᠦᠮᠡᠨ ᠲᠥᠭᠦᠷᠢᠭ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠤᠨ ᠪᠠᠶᠢᠷᠢ | ᠴᠤᠭᠯᠠᠭᠤᠯᠬᠤ ᠲᠥᠯᠥᠪᠯᠡᠭᠡ ᠶᠢ ᠬᠡᠷᠡᠭᠵᠢᠭᠦᠯᠦᠨ᠎ᠡ᠃ 2024 ᠣᠨ ᠳᠤ ᠪᠥᠬᠦ ᠬᠤᠲᠠ ᠶᠢᠨ ᠳᠠᠳᠤᠯᠭ᠎ᠠ ᠶᠢᠨ | ᠠᠵᠢᠯ ᠤᠨ ᠪᠠᠶᠢᠷᠢ 1300 ᠡᠯᠰᠡᠵᠦ᠂ ᠳᠡᠭᠡᠳᠦ ᠰᠤᠷᠭᠠᠭᠤᠯᠢ ᠲᠡᠭᠦᠰᠦᠭᠰᠡᠨ 1100 ᠨᠡᠷᠡᠰ ᠵᠠᠯᠠᠭᠤᠴᠤᠳ ᠢ | ᠵᠣᠬᠢᠶᠠᠨ ᠪᠠᠶᠢᠭᠤᠯᠤᠨ ᠳᠠᠳᠤᠯᠭ᠎ᠠ ᠳᠤ ᠣᠷᠣᠯᠴᠠᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠢᠨ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠠᠯᠠᠭᠤᠴᠤᠳ ᠤᠨ ᠳᠠᠳᠤᠯᠭ᠎ᠠ ᠳᠤ ᠨᠡᠷ᠎ᠡ ᠮᠡᠳᠡᠭᠦᠯᠬᠦ | ᠠᠷᠭ᠎ᠠ ᠵᠠᠮ ᠢ ᠨᠡᠭᠡᠭᠡᠵᠦ᠂ ᠳᠠᠳᠤᠯᠭ᠎ᠠ ᠳᠤ ᠣᠷᠣᠯᠴᠠᠬᠤ ᠬᠦᠰᠡᠯ ᠲᠠᠢ ᠬᠥᠮᠦᠰ ᠤᠨ ᠮᠡᠳᠡᠭᠡ ᠵᠠᠩᠭᠢ ᠶᠢ ᠴᠠᠭ | ᠲᠤᠬᠠᠶ ᠳᠤᠨᠢ ᠲᠡᠮᠳᠡᠭᠯᠡᠪᠡ᠃ | 2᠂ ᠳᠠᠭᠠᠵᠤ ᠰᠤᠷᠬᠤ ᠬᠥᠮᠦᠰ ᠤᠨ ᠨᠥᠬᠦᠴᠡᠯ᠃ ᠳᠠᠳᠤᠯᠭ᠎ᠠ ᠶᠢᠨ ᠬᠥᠮᠦᠰ ᠰᠤᠷᠭᠠᠭᠤᠯᠢ ᠠᠴᠠ ᠪᠠᠨ | ᠰᠠᠯᠤᠭᠠᠳ 2 ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠪᠠ | 16 — 24 ᠨᠠᠰᠤᠨ ᠤ ᠬᠤᠭᠤᠴᠠᠭᠠᠨ ᠳᠤ ᠳᠠᠩᠰᠠᠯᠠᠭᠤᠯᠤᠭᠰᠠᠨ ᠠᠵᠢᠯ ᠠᠯᠳᠠᠭᠰᠠᠨ ᠵᠠᠯᠠᠭᠤᠴᠤᠳ ᠢ | ᠱᠠᠭᠠᠷᠳᠠᠨ᠎ᠠ᠃ | 3. ᠳᠠᠳᠤᠯᠭ᠎ᠠ ᠶᠢᠨ ᠬᠤᠭᠤᠴᠠᠭ᠎ᠠ ᠵᠢᠴᠢ ᠣᠯᠭᠤᠮᠵᠢ ᠬᠠᠷᠠᠭᠠᠯᠵᠠᠯ᠃ ᠳᠠᠳᠤᠯᠭ᠎ᠠ ᠶᠢᠨ ᠬᠤᠭᠤᠴᠠᠭ᠎ᠠ ᠨᠢ 3 | — 12 ᠰᠠᠷ᠎ᠠ ᠪᠣᠯᠤᠨ᠎ᠠ᠂ ᠳᠠᠳᠤᠯᠭ᠎ᠠ ᠶᠢᠨ ᠨᠢᠭᠡᠴᠡ ᠠᠴᠠ ᠳᠠᠳᠤᠯᠭ᠎ᠠ ᠶᠢᠨ ᠬᠥᠮᠦᠰ ᠲᠤ ᠬᠡᠰᠡᠭ ᠦᠨᠳᠦᠰᠦᠨ | ᠠᠮᠢᠳᠤᠷᠠᠯ ᠤᠨ ᠨᠥᠬᠦᠪᠥᠷᠢ ᠬᠠᠩᠭᠠᠬᠤ ᠶᠢᠨ ᠬᠠᠮᠲᠤ ᠬᠥᠮᠦᠨ ᠤ ᠪᠡᠶ᠎ᠡ ᠶᠢᠨ ᠰᠠᠨᠠᠭᠠᠨ ᠳᠤ ᠥᠬᠡᠶ ᠭᠡᠮᠲᠦᠯ ᠤᠨ | ᠳᠠᠭᠠᠳᠬᠠᠯ ᠢ ᠭᠦᠢᠴᠡᠳᠭᠡᠨ᠎ᠡ᠃ | 4᠂ ᠳᠠᠳᠤᠯᠭ᠎ᠠ ᠶᠢᠨ ᠨᠢᠭᠡᠴᠡ ᠶᠢᠨ ᠬᠢᠨᠠᠨ ᠬᠠᠷᠭᠤᠭᠤᠯᠵᠤ ᠨᠤᠲᠠᠯᠠᠨ ᠲᠣᠭᠲᠠᠭᠠᠬᠤ ᠳᠡᠰ ᠳᠠᠷᠠᠭᠠᠯᠠᠯ᠃ ᠬᠠᠤᠯᠢ | ᠶᠣᠰᠣᠨ ᠤ ᠡᠵᠡᠩᠨᠡᠯᠲᠡ᠂ ᠬᠠᠮᠢᠶᠠᠷᠤᠯᠲᠠ ᠶᠢᠨ ᠵᠢᠷᠤᠮᠵᠢᠯ ᠲᠠᠢ᠂ ᠤᠯᠤᠰ ᠤᠨ ᠲᠣᠭᠲᠠᠭᠠᠯ ᠳᠤ ᠨᠡᠶᠢᠴᠡᠭᠰᠡᠨ | ᠬᠥᠳᠡᠯᠮᠦᠷᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠪᠠ ᠬᠥᠳᠡᠯᠮᠦᠷᠢ ᠶᠢᠨ ᠠᠮᠤᠷ ᠲᠦᠪᠰᠢᠨ ᠡᠷᠡᠭᠦᠯ | ᠬᠠᠮᠠᠭᠠᠯᠠᠯ ᠤᠨ ᠨᠥᠬᠦᠴᠡᠯ ᠢ ᠪᠦᠷᠢᠯᠳᠦᠭᠦᠯᠦᠭᠰᠡᠨ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠨᠡᠶᠢᠭᠡᠮ ᠤᠨ ᠪᠦᠯᠬᠦᠮ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠵᠦᠢᠯᠡᠰ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠵᠡᠷᠭᠡ ᠨᠢᠭᠡᠴᠢ ᠶᠢ | ᠳᠠᠳᠤᠯᠭ᠎ᠠ ᠶᠢᠨ ᠨᠢᠭᠡᠴᠢ ᠶᠢᠨ ᠬᠡᠪᠴᠢᠶᠡᠨ ᠳᠤ ᠣᠷᠣᠭᠤᠯᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ | ᠵᠠᠯᠠᠭᠤᠴᠤᠳ ᠢ ᠠᠵᠢᠯ ᠣᠯᠭᠤᠯᠲᠠ ᠶᠢᠨ ᠳᠠᠳᠤᠯᠭ᠎ᠠ ᠳᠤ ᠣᠷᠣᠯᠴᠠᠭᠤᠯᠤᠭᠰᠠᠨ ᠨᠢᠭᠡᠴᠡ ᠳᠤ ᠲᠣᠭᠲᠠᠭᠠᠯ ᠶᠣᠰᠣᠭᠠᠷ | ᠠᠵᠢᠯ ᠣᠯᠭᠤᠯᠲᠠ ᠶᠢᠨ ᠳᠠᠳᠤᠯᠭ᠎ᠠ ᠶᠢᠨ ᠨᠥᠬᠦᠪᠥᠷᠢ ᠣᠯᠭᠤᠵᠤ᠂ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ | ᠨᠢᠭᠡᠳᠦᠭᠡᠷ ᠲᠥᠷᠥᠯ ᠤᠨ ᠲᠣᠭᠤᠷᠢᠭ ᠤᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 50% ᠪᠠᠷ | ᠲᠣᠭᠲᠠᠭᠠᠵᠤ᠂ ᠳᠠᠳᠤᠯᠭ᠎ᠠ ᠶᠢᠨ ᠬᠥᠮᠦᠰ ᠤᠨ ᠳᠠᠳᠤᠯᠭ᠎ᠠ ᠶᠢᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠦᠯᠡᠳᠡᠭᠡᠨ | ᠬᠡᠷᠡᠭᠯᠡᠬᠦ ᠨᠣᠷᠮ᠎ᠠ ᠶᠢ 50% ᠠᠴᠠ ᠳᠡᠭᠡᠭᠰᠢᠬᠢ ᠨᠢᠭᠡᠴᠡ ᠳᠤ ᠬᠦᠷᠦᠭᠦᠯᠵᠦ᠂ ᠨᠥᠬᠦᠪᠥᠷᠢ ᠶᠢᠨ ᠪᠠᠷᠢᠮᠵᠢᠶ᠎ᠠ ᠶᠢ | 70% ᠳᠤ ᠬᠦᠷᠲᠡᠯ᠎ᠡ ᠳᠡᠭᠡᠭᠰᠢᠯᠡᠭᠦᠯᠦᠨ᠎ᠡ᠃ ᠳᠠᠳᠤᠯᠭ᠎ᠠ ᠶᠢᠨ ᠨᠥᠬᠦᠪᠥᠷᠢ ᠶᠢ ᠭᠤᠣᠯᠳᠠᠭᠤ ᠳᠠᠳᠤᠯᠭ᠎ᠠ ᠶᠢᠨ | ᠬᠥᠮᠦᠰ ᠤᠨ ᠳᠠᠳᠤᠯᠭ᠎ᠠ ᠶᠢᠨ ᠬᠤᠭᠤᠴᠠᠭᠠᠨ ᠳᠠᠬᠢ ᠦᠨᠳᠦᠰᠦᠨ ᠠᠮᠢᠳᠤᠷᠠᠯ ᠤᠨ ᠵᠠᠷᠤᠳᠠᠯ ᠢ ᠥᠭᠬᠦ᠂ | ᠳᠠᠳᠤᠯᠭ᠎ᠠ ᠶᠢᠨ ᠬᠥᠮᠦᠰ ᠲᠤ ᠪᠡᠶ᠎ᠡ ᠶᠢᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠢᠵᠦ ᠥᠭᠬᠦ ᠵᠢᠴᠢ | ᠳᠠᠳᠤᠯᠭ᠎ᠠ ᠶᠢᠨ ᠬᠥᠮᠦᠰ ᠢ ᠵᠢᠯᠣᠭᠤᠳᠤᠨ ᠬᠠᠮᠢᠶᠠᠷᠬᠤ ᠵᠠᠷᠤᠳᠠᠯ ᠳᠤ ᠬᠡᠷᠡᠭᠯᠡᠨ᠎ᠡ᠃ ᠨᠥᠬᠦᠴᠡᠯ ᠲᠠᠢ ᠭᠠᠵᠠᠷ ᠣᠷᠣᠨ | ᠪᠤᠶᠤ ᠳᠠᠳᠤᠯᠭ᠎ᠠ ᠶᠢᠨ ᠨᠢᠭᠡᠴᠢ ᠨᠢ ᠳᠠᠳᠤᠯᠭ᠎ᠠ ᠶᠢᠨ ᠬᠥᠮᠦᠰ ᠲᠤ ᠬᠤᠳᠠᠯᠳᠤᠭᠠᠨ ᠤ ᠡᠮ ᠡᠮᠨᠡᠯᠭᠡ ᠶᠢᠨ ᠳᠠᠭᠠᠳᠬᠠᠯ ᠢ | ᠬᠤᠳᠠᠯᠳᠤᠨ ᠠᠪᠴᠤ ᠥᠭᠴᠦ ᠪᠣᠯᠤᠨ᠎ᠠ᠃ ᠳᠠᠳᠤᠯᠭ᠎ᠠ ᠶᠢᠨ ᠬᠤᠭᠤᠴᠠᠭ᠎ᠠ ᠨᠢ ᠳᠦᠭᠦᠷᠦᠭᠡᠳᠦᠶ ᠪᠠᠶᠢᠲᠠᠯ᠎ᠠ | ᠳᠠᠳᠤᠯᠭ᠎ᠠ ᠶᠢᠨ ᠬᠥᠮᠦᠰ ᠲᠠᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠠᠶᠢᠪᠠᠯ᠂ ᠳᠠᠳᠤᠯᠭ᠎ᠠ ᠶᠢᠨ ᠨᠢᠭᠡᠴᠡ ᠳᠤ | ᠦᠯᠡᠳᠡᠭᠰᠡᠨ ᠬᠤᠭᠤᠴᠠᠭᠠᠨ ᠤ ᠳᠠᠳᠤᠯᠭ᠎ᠠ ᠶᠢᠨ ᠨᠥᠬᠦᠪᠥᠷᠢ ᠣᠯᠭᠤᠨ᠎ᠠ᠃ | ᠲᠦᠷᠪᠡ ᠂ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠨᠥᠭᠡᠴᠡᠯᠡᠬᠦ | 1. ᠴᠢᠳᠠᠪᠤᠷᠢᠲᠠᠨ ᠨᠥᠭᠡᠴᠡᠯᠡᠬᠦ ᠨᠢᠭᠡᠴᠡ ᠶᠢᠨ ᠨᠥᠬᠦᠴᠡᠯ | ᠤᠯᠠᠭᠠᠨᠴᠠᠪ ᠬᠤᠲᠠ ᠶᠢᠨ ᠬᠡᠪᠴᠢᠶᠡᠨ ᠳᠤ ᠬᠠᠤᠯᠢ ᠶᠣᠰᠣᠭᠠᠷ ᠳᠠᠩᠰᠠᠯᠠᠭᠤᠯᠤᠭᠰᠠᠨ᠂ ᠬᠠᠤᠯᠢ ᠶᠣᠰᠣᠭᠠᠷ | ᠡᠵᠡᠩᠨᠡᠭᠰᠡᠨ᠂ ᠬᠠᠮᠢᠶᠠᠷᠤᠯᠲᠠ ᠨᠢ ᠵᠢᠷᠤᠮᠵᠢᠭᠰᠠᠨ ᠳᠤᠮᠳᠠ ᠵᠢᠵᠢᠭ ᠠᠵᠤ ᠠᠬᠤᠶᠢᠯᠠᠯ ᠪᠣᠯᠤᠨ ᠦᠨᠳᠦᠰᠦᠨ | ᠱᠠᠲᠤᠨ ᠤ ᠨᠡᠶᠢᠭᠡᠮ ᠤᠨ ᠪᠦᠯᠬᠦᠮ ᠵᠢᠴᠢ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ᠃ | 2. ᠴᠢᠳᠠᠪᠤᠷᠢᠲᠠᠨ ᠨᠥᠭᠡᠴᠡᠯᠡᠬᠦ ᠬᠥᠮᠦᠰ ᠤᠨ ᠨᠥᠬᠦᠴᠡᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ | ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠠᠴᠠ ᠳᠡᠭᠡᠭᠰᠢᠬᠢ ᠰᠣᠷᠣᠭᠴᠢ ᠶᠢᠨ ᠢᠷᠡᠯᠲᠡ ᠲᠠᠢ ᠲᠣᠰ | ᠬᠤᠭᠤᠴᠠᠭᠠᠨ ᠤ ᠲᠡᠭᠦᠰᠦᠭᠰᠡᠳ ᠵᠢᠴᠢ ᠲᠡᠭᠦᠰᠦᠭᠰᠡᠨ ᠤ ᠳᠠᠷᠠᠭᠠᠬᠢ ᠭᠤᠷᠪᠠᠨ ᠵᠢᠯ ᠤᠨ ᠳᠣᠲᠣᠷ᠎ᠠ ᠠᠵᠢᠯ ᠤᠯᠤᠭ᠎ᠠ | ᠦᠭᠡᠢ ᠳᠡᠭᠡᠳᠦ ᠰᠤᠷᠭᠠᠭᠤᠯᠢ ᠶᠢᠨ ᠲᠡᠭᠦᠰᠦᠭᠰᠡᠳ᠃ | 3᠂ ᠨᠥᠭᠡᠴᠡᠯᠡᠬᠦ ᠬᠤᠭᠤᠴᠠᠭ᠎ᠠ ᠵᠢᠴᠢ ᠣᠯᠭᠤᠮᠵᠢ | ᠨᠥᠭᠡᠴᠡᠯᠡᠬᠦ ᠬᠤᠭᠤᠴᠠᠭ᠎ᠠ ᠨᠢ 2 ᠵᠢᠯ ᠪᠣᠯᠤᠨ᠎ᠠ᠃ ᠨᠥᠭᠡᠴᠡᠯᠡᠬᠦ ᠬᠤᠭᠤᠴᠠᠭᠠᠨ ᠳᠤ ᠪᠠᠶᠢᠭ᠎ᠠ ᠨᠥᠭᠡᠴᠡᠯᠡᠵᠦ | ᠪᠠᠶᠢᠭ᠎ᠠ ᠨᠢᠭᠡᠴᠢ ᠶᠢᠨ ᠠᠳᠠᠯᠢ ᠲᠦᠷᠦᠯ ᠤᠨ ᠬᠥᠮᠦᠰ ᠲᠠᠢ ᠠᠳᠠᠯᠢᠬᠠᠨ ᠴᠠᠯᠢᠩ ᠳᠠᠭᠠᠳᠬᠠᠯ ᠤᠨ ᠠᠰᠠᠷᠠᠮᠵᠢ ᠶᠢᠨ | ᠬᠠᠷᠠᠭᠠᠯᠵᠠᠯ ᠢ ᠡᠳ᠋ᠯᠡᠨ᠎ᠡ᠃ ᠵᠠᠰᠠᠭ ᠤᠨ ᠣᠷᠳᠣᠨ ᠠᠴᠠ ᠨᠥᠭᠡᠴᠡᠯᠡᠵᠦ ᠪᠠᠶᠢᠭ᠎ᠠ ᠬᠥᠮᠦᠰ ᠲᠤ ᠬᠥᠮᠦᠨ ᠪᠦᠷᠢ ᠳᠤ | ᠰᠠᠷ᠎ᠠ ᠪᠦᠷᠢ 700 ᠲᠥᠭᠦᠷᠢᠭ ᠠᠴᠠ ᠳᠣᠤᠷ᠎ᠠ ᠥᠬᠡᠶ ᠠᠮᠢᠳᠤᠷᠠᠯ ᠤᠨ ᠨᠥᠬᠦᠪᠥᠷᠢ ᠣᠯᠭᠤᠨ᠎ᠠ᠃ | ᠲᠠᠪᠤ ᠂ ︽ᠳᠥᠷᠪᠡ ᠶᠢ ᠨᠢᠭᠡ ᠴᠤᠭᠴᠠᠵᠢᠭᠤᠯᠬᠤ︾ ᠠᠵᠢᠯ ᠣᠯᠭᠤᠯᠲᠠ ᠶᠢᠨ ᠡᠭᠦᠯᠡᠨ ᠤᠶᠢᠯᠡᠴᠢᠯᠡᠭᠡᠨ ᠤ | ᠲᠠᠪᠴᠠᠩ ᠢ ᠳᠡᠯᠭᠡᠷᠡᠭᠦᠯᠦᠨ ᠬᠡᠷᠡᠭᠯᠡᠨ᠎ᠡ | 1. ︽ᠳᠥᠷᠪᠡ ᠶᠢ ᠨᠢᠭᠡ ᠴᠤᠭᠴᠠᠵᠢᠭᠤᠯᠬᠤ︾ ᠠᠵᠢᠯ ᠣᠯᠭᠤᠯᠲᠠ ᠶᠢᠨ ᠡᠭᠦᠯᠡᠨ ᠦᠢᠯᠡᠴᠢᠯᠡᠭᠡᠨ ᠤ ᠲᠠᠪᠴᠠᠩ | ︵1︶ ᠠᠵᠢᠯ ᠡᠷᠢᠭᠰᠡᠳ ᠤᠨ ᠤᠶᠢᠯᠡᠴᠢᠯᠡᠭᠡ᠄ ︽ᠥᠪᠥᠷ ᠮᠣᠩᠭᠤᠯ ᠤᠨ ᠠᠵᠢᠯ ᠣᠯᠭᠤᠯᠲᠠ︾ ᠶᠢᠨ ᠵᠢᠵᠢᠭ | ᠫᠷᠤᠭ᠍ᠷᠠᠮ᠂ ᠠᠵᠢᠯ ᠡᠷᠢᠭᠰᠡᠳ APP ᠶᠢ ᠪᠠᠭᠤᠯᠭᠠᠬᠤ ᠥᠬᠡᠶ ᠪᠠᠷ ᠰᠢᠭᠤᠳ ᠨᠡᠪᠲᠡᠷᠡᠭᠦᠯᠭᠡ ᠶᠢ ᠰᠦᠯᠵᠢᠶᠡᠨ | ᠳᠡᠭᠡᠷ᠎ᠡ ᠦᠵᠡᠵᠦ᠂ ᠠᠵᠢᠯ ᠤᠨ ᠪᠠᠶᠢᠷᠢ ᠶᠢ ᠰᠢᠭᠰᠢᠨ ᠰᠣᠩᠭᠤᠵᠤ᠂ ᠲᠣᠪᠴᠢ ᠨᠠᠮᠲᠠᠷ᠂ ᠬᠠᠷᠠᠭᠠᠨ ᠳᠠᠪᠲᠠᠮᠵᠢ ᠪᠠᠷ | ᠨᠢᠭᠤᠷᠲᠠᠨ ᠰᠢᠯᠭᠠᠵᠤ ᠪᠣᠯᠤᠨ᠎ᠠ᠃ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ | ᠤᠶᠢᠯᠡᠴᠢᠯᠡᠭᠡᠨ ᠤ ᠬᠦᠴᠦᠨ ᠵᠡᠷᠭᠡ ᠪᠠᠷ ᠳᠠᠮᠵᠢᠭᠤᠯᠤᠨ ᠬᠥᠳᠡᠯᠮᠦᠷᠢᠴᠢᠳ ᠤᠨ ᠠᠵᠢᠯ ᠡᠷᠢᠬᠦ ᠪᠠ ᠪᠣᠯᠪᠠᠰᠤᠷᠠᠭᠤᠯᠤᠯ | ᠬᠢᠬᠦ ᠬᠦᠰᠡᠯ ᠰᠠᠨᠠᠭ᠎ᠠ ᠶᠢ ᠨᠠᠷᠢᠯᠢᠭ ᠣᠨᠣᠴᠠᠲᠠᠶ ᠪᠠᠷ ᠴᠤᠭᠯᠠᠭᠤᠯᠵᠤ᠂ ᠲᠤᠭ᠎ᠠ ᠪᠠᠷᠢᠮᠲᠠ ᠶᠢ ᠣᠶᠤᠨᠴᠢ ᠪᠠᠷ ᠵᠠᠳᠠᠯᠬᠤ | ᠪᠠ ᠰᠢᠰᠲ᠋ᠧᠮ ᠢ ᠨᠠᠷᠢᠯᠢᠭ ᠣᠨᠣᠴᠠᠲᠠᠶ ᠪᠠᠷ ᠳᠣᠭᠢᠷᠠᠭᠤᠯᠤᠨ᠂ ᠲᠠᠪᠴᠠᠩ ᠤᠨ ᠬᠥᠳᠡᠯᠮᠦᠷᠢ ᠬᠦᠴᠦᠨ᠂ ᠠᠵᠢᠯ ᠤᠨ | ᠪᠠᠶᠢᠷᠢ ᠵᠡᠷᠭᠡ ᠡᠬᠢ ᠪᠠᠶᠠᠯᠢᠭ ᠢ ᠪᠠᠶᠠᠯᠢᠭᠵᠢᠭᠤᠯᠵᠤ᠂ ᠠᠵᠢᠯ ᠡᠷᠢᠭᠰᠡᠳ ᠤᠨ ᠰᠦᠯᠵᠢᠶᠡᠨ ᠳᠡᠭᠡᠷ᠎ᠡ ᠠᠵᠢᠯ ᠡᠷᠢᠬᠦ᠂ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠶᠢ ᠪᠡᠶᠡᠯᠡᠭᠦᠯᠬᠦ ᠳᠤ ᠲᠥᠬᠦᠮ ᠦᠵᠡᠭᠦᠯᠦᠨ᠎ᠡ︔ ᠰᠢᠶᠠᠩ ᠪᠠᠯᠭᠠᠰᠤ ︵ᠵᠡᠭᠡᠯᠢ | ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠳᠤ ᠲᠦᠰᠢᠭᠯᠡᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠤᠶᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ︽ᠨᠢᠭᠤᠷᠲᠠᠨ ᠨᠢᠭᠤᠷᠳᠠᠬᠤ᠂ | ᠨᠢᠭᠡ ᠳᠤ ᠨᠢᠭᠡ᠂ ᠪᠥᠬᠦ ᠴᠤᠪᠤᠷᠠᠯ︾ ᠤᠨ ᠠᠵᠢᠯ ᠮᠡᠷᠭᠡᠵᠢᠯ ᠤᠨ ᠲᠥᠯᠥᠪᠵᠢᠭᠦᠯᠭᠡ᠂ ᠠᠵᠢᠯ ᠤᠨ ᠪᠠᠶᠢᠷᠢ ᠶᠢᠨ | ᠲᠠᠨᠢᠯᠴᠠᠭᠤᠯᠭ᠎ᠠ᠂ ᠨᠢᠭᠤᠷᠲᠠᠨ ᠰᠢᠯᠭᠠᠬᠤ ᠶᠢᠨ ᠵᠢᠯᠣᠭᠤᠳᠣᠯᠭ᠎ᠠ᠂ ᠠᠵᠢᠯ ᠤᠨ ᠪᠠᠶᠢᠷᠢ ᠰᠣᠯᠢᠬᠤ ᠯᠠᠪᠯᠠᠭ᠎ᠠ᠂ | ᠶᠡᠷᠦᠩᠬᠡᠶᠢᠯᠡᠭᠰᠡᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠷᠠᠳ ᠲᠤ ᠲᠥᠬᠦᠮ | ᠦᠵᠡᠭᠦᠯᠬᠦ ᠤᠶᠢᠯᠡᠴᠢᠯᠡᠭᠡ ᠶᠢ ᠨᠢᠭᠡ ᠴᠣᠠᠠᠴᠠᠵᠢᠭᠤᠯᠥᠠᠠᠰᠠᠨ ︽ᠰᠦᠯᠵᠢᠶᠡᠨ ᠳᠡᠭᠡᠷ᠎ᠡ + ᠰᠦᠯᠵᠢᠶᠡᠨ ᠠᠴᠠ | ᠭᠠᠳᠠᠭᠤᠷᠬᠢ︾ ᠠᠵᠢᠯ ᠡᠷᠢᠬᠦ ᠤᠶᠢᠯᠡᠴᠢᠯᠡᠭᠡᠨ ᠤ ᠴᠦ᠋ ᠰᠢᠨ᠎ᠡ ᠥᠩᠭᠡᠷᠡᠭᠡᠯᠲᠡ ᠶᠢ ᠪᠥᠬᠦ ᠲᠠᠯ᠎ᠠ ᠪᠠᠷ ᠪᠣᠶ | ᠪᠣᠯᠭᠠᠨ᠎ᠠ᠃ | ︵2︶ ᠬᠥᠮᠦᠨ ᠬᠡᠷᠡᠭᠯᠡᠬᠦ ᠨᠢᠭᠡᠴᠡ ᠶᠢᠨ ᠤᠶᠢᠯᠡᠴᠢᠯᠡᠭᠡ᠄ ᠲᠠᠪᠴᠠᠩ ᠨᠢ ᠬᠥᠮᠦᠨ ᠬᠡᠷᠡᠭᠯᠡᠬᠦ ᠨᠢᠭᠡᠴᠡ ᠳᠤ | ᠠᠵᠢᠯᠲᠠᠨ ᠡᠯᠰᠡᠬᠦ ᠠᠵᠢᠯ ᠤᠨ ᠪᠠᠶᠢᠷᠢ ᠨᠡᠶᠢᠲᠡᠯᠡᠬᠦ᠂ ᠲᠣᠪᠴᠢ ᠨᠠᠮᠲᠠᠷ ᠢ ᠰᠢᠯᠢᠨ ᠰᠣᠩᠭᠤᠬᠤ᠂ ᠨᠢᠭᠤᠷᠲᠠᠨ | ᠰᠢᠯᠭᠠᠬᠤ ᠤᠷᠢᠯᠭ᠎ᠠ ᠶᠢᠨ ᠴᠢᠳᠠᠮᠵᠢ ᠶᠢ ᠬᠠᠩᠭᠠᠵᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠠᠵᠢᠯᠲᠠᠨ ᠡᠯᠰᠡᠬᠦ | ᠬᠤᠷᠠᠯ ᠳᠤ ᠣᠷᠣᠯᠴᠠᠵᠤ ᠪᠣᠯᠤᠨ᠎ᠠ᠃ ᠲᠠᠪᠴᠠᠩ ᠳᠤ ᠲᠤᠬᠠᠶᠢᠯᠠᠭᠰᠠᠨ ᠠᠵᠢᠯ ᠤᠨ ᠵᠣᠯᠭᠠᠯᠴᠠᠭ᠎ᠠ ᠶᠢᠨ ᠬᠡᠰᠡᠭ | ᠭᠠᠷᠭᠠᠵᠤ᠂ ᠬᠥᠮᠦᠨ ᠬᠡᠷᠡᠭᠯᠡᠬᠦ ᠨᠢᠭᠡᠴᠡ ᠰᠦᠯᠵᠢᠶᠡᠨ ᠳᠡᠭᠡᠷ᠎ᠡ ᠬᠥᠮᠦᠨ ᠡᠯᠰᠡᠬᠦ᠂ ᠰᠦᠯᠵᠢᠶᠡᠨ ᠳᠡᠭᠡᠷ᠎ᠡ ᠬᠤᠷᠠᠯ ᠳᠤ | ᠣᠷᠣᠯᠴᠠᠬᠤ᠂ ᠰᠦᠯᠵᠢᠶᠡᠨ ᠳᠡᠭᠡᠷ᠎ᠡ ᠢᠵᠢ ᠪᠥᠷᠢᠳᠦᠭᠦᠯᠦᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ | ᠪᠡᠶᠡᠯᠡᠭᠦᠯᠵᠦ ᠪᠣᠯᠤᠨ᠎ᠠ᠃ | ︵3︶ ᠬᠥᠮᠦᠨ ᠤ ᠬᠦᠴᠦᠨ ᠤ ᠡᠬᠢ ᠪᠠᠶᠠᠯᠢᠭ ᠤᠨ ᠤᠶᠢᠯᠡᠴᠢᠯᠡᠭᠡᠨ ᠤ ᠪᠠᠶᠢᠭᠤᠯᠤᠮᠵᠢ ᠪᠠ | ᠪᠣᠯᠪᠠᠰᠤᠷᠠᠭᠤᠯᠤᠯ ᠤᠨ ᠰᠤᠷᠭᠠᠭᠤᠯᠢ ᠶᠢᠨ ᠤᠶᠢᠯᠡᠴᠢᠯᠡᠭᠡ᠄ ᠲᠠᠪᠴᠠᠩ ᠨᠢ ᠣᠷᠣᠨ ᠤ ᠳᠣᠲᠣᠷᠠᠬᠢ ᠬᠥᠮᠦᠨ ᠤ | ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠪᠠ ᠪᠣᠯᠪᠠᠰᠤᠷᠠᠭᠤᠯᠤᠯ ᠤᠨ ᠰᠤᠷᠭᠠᠭᠤᠯᠢ ᠳᠤ ᠪᠦᠲᠦᠭᠡᠭᠳᠡᠬᠦᠨ ᠢᠶᠠᠨ | ᠳᠡᠯᠭᠡᠨ ᠦᠵᠡᠭᠦᠯᠬᠦ ᠪᠠ ᠲᠤᠬᠠᠶᠢᠯᠠᠭᠰᠠᠨ ᠠᠵᠢᠯ ᠢᠶᠠᠨ ᠵᠣᠯᠭᠠᠭᠤᠯᠬᠤ ᠬᠡᠰᠡᠭ ᠢ ᠨᠡᠭᠡᠭᠡᠨ ᠥᠭᠴᠦ᠂ ᠠᠵᠢᠯ ᠡᠷᠢᠬᠦ᠂ | ᠪᠣᠯᠪᠠᠰᠤᠷᠠᠭᠤᠯᠬᠤ ᠬᠦᠰᠡᠯ ᠲᠠᠢ ᠬᠥᠳᠡᠯᠮᠦᠷᠢ ᠬᠦᠴᠦᠨ ᠪᠠ ᠤᠷᠢᠬᠤ ᠰᠠᠨᠠᠮᠵᠢ ᠲᠠᠢ ᠠᠵᠤ ᠠᠬᠤᠶᠢᠯᠠᠯ ᠤᠨ ᠡᠬᠢ | ᠪᠠᠶᠠᠯᠢᠭ ᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠪᠥᠬᠦ ᠣᠷᠣᠨ ᠤ ᠠᠵᠤ ᠠᠬᠤᠶᠢᠯᠠᠯ ᠪᠠ ᠠᠵᠢᠯ ᠡᠷᠢᠭᠰᠡᠳ ᠲᠤ | ᠠᠵᠢᠯᠴᠢᠨ ᠬᠡᠷᠡᠭᠯᠡᠬᠦ ᠪᠠᠲᠤᠯᠠᠭ᠎ᠠ ᠪᠠ ᠠᠵᠢᠯ ᠡᠷᠢᠬᠦ ᠪᠣᠯᠪᠠᠰᠤᠷᠠᠭᠤᠯᠤᠯ ᠤᠨ ᠤᠶᠢᠯᠡᠴᠢᠯᠡᠭᠡ ᠶᠢ ᠥᠨᠳᠥᠷ ᠦᠷ᠎ᠡ | ᠪᠦᠲᠦᠮᠵᠢᠲᠡᠶ ᠪᠠᠷ ᠬᠠᠩᠭᠠᠨ᠎ᠠ᠃ | ︵4︶ ᠣᠯᠠᠨ ᠨᠡᠶᠢᠲᠡ ᠶᠢᠨ ᠠᠵᠢᠯ ᠣᠯᠭᠤᠬᠤ ᠪᠠᠶᠢᠭᠤᠯᠤᠮᠵᠢ ᠶᠢᠨ ᠤᠶᠢᠯᠡᠴᠢᠯᠡᠭᠡ ᠄ ᠡᠯ᠎ᠡ ᠬᠤᠰᠢᠭᠤ ᠰᠢᠶᠠᠨ | ︵ᠬᠤᠲᠠ᠂ ᠲᠣᠭᠤᠷᠢᠭ︶ ᠤ ᠣᠯᠠᠨ ᠨᠡᠶᠢᠲᠡ ᠶᠢᠨ ᠠᠵᠢᠯ ᠣᠯᠭᠤᠬᠤ ᠤᠶᠢᠯᠡᠴᠢᠯᠡᠭᠡᠨ ᠤ ᠪᠠᠶᠢᠭᠤᠯᠤᠮᠵᠢ ᠨᠢ | ᠲᠠᠪᠴᠠᠩ ᠢᠶᠠᠷ ᠳᠠᠮᠵᠢᠭᠤᠯᠤᠨ ᠤᠶᠢᠯᠡᠴᠢᠯᠡᠭᠡᠨ ᠤ ᠲᠤᠭ᠎ᠠ ᠪᠠᠷᠢᠮᠲᠠ ᠶᠢ ᠪᠦᠷᠢᠳᠬᠡᠬᠦ ᠪᠠ ᠵᠠᠳᠠᠯᠵᠤ᠂ ᠠᠵᠤ | ᠠᠬᠤᠶᠢᠯᠠᠯ ᠤᠨ ᠠᠵᠢᠯᠴᠢᠨ ᠬᠡᠷᠡᠭᠯᠡᠭᠰᠡᠨ ᠪᠠᠶᠢᠳᠠᠯ ᠪᠠ ᠬᠤᠪᠢ ᠬᠥᠮᠦᠨ ᠤ ᠠᠵᠢᠯ ᠡᠷᠢᠬᠦ᠂ ᠪᠣᠯᠪᠠᠰᠤᠷᠠᠭᠤᠯᠤᠯ ᠬᠢᠬᠦ | ᠬᠦᠰᠡᠯ ᠰᠠᠨᠠᠭ᠎ᠠ ᠶᠢ ᠣᠨᠣᠪᠴᠢᠲᠠᠶ ᠡᠵᠡᠮᠰᠢᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠤᠶᠢᠯᠡᠴᠢᠯᠡᠭᠡᠨ ᠤ | ᠪᠠᠶᠢᠭᠤᠯᠤᠮᠵᠢ᠂ ᠪᠣᠯᠪᠠᠰᠤᠷᠠᠭᠤᠯᠤᠯ ᠤᠨ ᠰᠤᠷᠭᠠᠭᠤᠯᠢ ᠶᠢᠨ ᠤᠶᠢᠯᠡᠴᠢᠯᠡᠭᠡᠨ ᠤ ᠪᠣᠳᠠᠲᠤ ᠴᠣᠭᠴᠠ ᠶᠢᠨ ᠠᠵᠤ | ᠠᠬᠤᠶᠢᠯᠠᠯ ᠤᠨ ᠪᠠᠶᠢᠳᠠᠯ ᠢ ᠣᠨᠣᠪᠴᠢᠲᠠᠶ ᠡᠵᠡᠮᠰᠢᠵᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ | ᠠᠰᠢᠭ ᠬᠦᠷᠲᠡᠭᠡᠬᠦ ᠨᠠᠩ ᠣᠯᠠᠨ ᠣᠯᠠᠨ ᠨᠡᠶᠢᠲᠡ ᠶᠢᠨ ᠠᠵᠢᠯ ᠣᠯᠭᠤᠬᠤ ᠤᠶᠢᠯᠡᠴᠢᠯᠡᠭᠡ ᠶᠢ ᠪᠡᠶ᠎ᠡ ᠳᠤᠨᠢ | ᠲᠣᠬᠢᠷᠠᠭᠤᠯᠤᠨ ᠲᠣᠭᠲᠠᠭᠠᠵᠤ ᠪᠣᠯᠤᠨ᠎ᠠ᠃ | 2᠂ ᠪᠡᠶ᠎ᠡ ᠪᠠᠷ ᠢᠶᠠᠨ ᠣᠶᠢᠯᠠᠭᠠᠬᠤ ᠠᠷᠭ᠎ᠠ ᠬᠡᠯᠪᠡᠷᠢ | ︵1︶ PC ᠦᠵᠦᠭᠦᠷ ᠤᠨ ᠬᠠᠢᠭᠤᠷ ᠤᠨ ᠨᠡᠩᠵᠢᠯᠲᠡ | Https://nmgswyt3.12333k.cn | ︵2︶ PC ᠦᠵᠦᠭᠦᠷ ᠤᠨ ᠬᠠᠢᠭᠤᠷ ᠤᠨ ᠬᠠᠶᠢᠯᠲᠠ http://rst.nmg.gov.cn | ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ | ᠠᠯᠪᠠᠨ ᠤ ᠰᠦᠯᠵᠢᠶ᠎ᠡ ᠳᠤ ᠣᠷᠣᠵᠤ᠂ ︽ᠠᠵᠢᠯ ᠣᠯᠭᠤᠯᠲᠠ ᠠᠵᠢᠯᠳᠠᠨ ᠡᠯᠰᠡᠬᠦ︾ | ︵3︶ ᠭᠠᠷ ᠤᠲᠠᠰᠤᠨ ᠤ ᠦᠵᠦᠭᠦᠷ ᠤᠨ ᠸᠢᠴᠠᠲ ᠤᠨ ᠬᠠᠶᠢᠯᠲᠠ ᠶᠢᠨ ᠵᠢᠵᠢᠭ ᠫᠷᠤᠭ᠍ᠷᠠᠮ ︽ᠥᠪᠥᠷ | ᠮᠣᠩᠭᠤᠯ ᠤᠨ ᠠᠵᠢᠯ ᠣᠯᠭᠤᠯᠲᠠ︾ | ︵4︶ ᠸᠢᠴᠠᠲ ᠤᠨ ᠰᠢᠷᠪᠢᠯᠲᠡ ᠶᠢᠨ ᠵᠢᠵᠢᠭ ᠫᠷᠤᠭ᠍ᠷᠠᠮ ᠤᠨ ᠬᠤᠶᠠᠷ ᠬᠡᠮᠵᠢᠯᠳᠦ ᠺᠣᠳ᠋ | ︵5︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠳᠠᠳᠤᠯᠭ᠎ᠠ ᠶᠢᠨ | ᠬᠠᠮᠢᠶᠠᠷᠤᠯᠳᠠ ᠶᠢᠨ ᠰᠢᠰᠲ᠋ᠧᠮ | Https://gx.nmrc.com.cn//trainneeLogin | ᠳᠠᠭᠠᠯᠳᠤᠭᠤᠯᠤᠯ᠄ ︽ᠥᠪᠥᠷ ᠮᠣᠩᠭᠤᠯ ᠤᠨ ᠠᠵᠢᠯ ᠣᠯᠭᠤᠯᠲᠠ︾ ᠶᠢᠨ ᠵᠢᠵᠢᠭ ᠫᠷᠤᠭ᠍ᠷᠠᠮ ᠤᠨ ᠬᠤᠶᠠᠷ | ᠬᠡᠮᠵᠢᠯᠳᠦ ᠺᠣᠳ᠋ | | | | | ᠬᠠᠷᠢᠯᠴᠠᠬᠤ ᠤᠲᠠᠰᠤ᠄ 0474 - 8150216 | 0474 - 8150237 | ᠬᠠᠷᠢᠯᠴᠠᠬᠤ ᠬᠥᠮᠦᠨ᠄ ᠭᠦᠸᠧ ᠳ᠋ᠧᠩ ᠺᠧ ᠴᠢᠦᠶ ᠵᠢᠶᠠ | | ᠤᠯᠠᠭᠠᠨᠴᠠᠪ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠠᠵᠢᠯ ᠣᠯᠭᠤᠬᠤ ᠦᠢᠯᠡᠴᠢᠯᠡᠭᠡᠨ ᠤ ᠲᠥᠪ | 2024 ᠣᠨ ᠤ 3 ᠰᠠᠷ᠎ᠠ ᠶᠢᠨ 28 ᠤ ᠡᠳᠦᠷ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |