ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/4/1
 ᠬᠠᠩᠰᠢ ᠶᠢᠨ ᠡᠳᠦᠷ ᠤᠨ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ   ᠪᠥᠬᠦ ᠬᠤᠲᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ‌‍ᠲ᠋ᠦ᠋ᠮᠡᠨ᠄   2024 ᠣᠨ ᠤ ᠬᠠᠩᠰᠢ ᠬᠦᠷᠴᠦ ᠢᠷᠡᠬᠦ ᠳᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠤᠷ ᠲᠦᠪᠰᠢᠨ᠂ ᠪᠣᠯᠪᠠᠰᠤᠨ᠂ ᠪᠣᠬᠢᠷᠲᠤᠯ ᠦᠭᠡᠢ᠂ ᠠᠷᠪᠢᠴᠢ ᠭᠠᠮᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠠᠮᠲᠤᠪᠠᠷ ᠴᠢᠷᠮᠠᠶᠢᠨ ᠪᠤᠢ ᠪᠣᠯᠭᠠᠬᠤ ᠶᠢᠨ ᠲᠥᠯᠥᠭᠡ᠂ ᠤᠯᠠᠭᠠᠨᠴᠠᠪ ᠤᠨ ᠬᠤᠳᠠ ᠶᠢᠨ ᠠᠷᠠᠳ ᠤᠨ ᠶᠠᠪᠤᠳᠠᠯ ᠤᠨ  ᠲᠤᠪᠴᠢᠶ᠎ᠠ ᠠᠴᠠ ᠪᠦᠬᠦ ᠬᠤᠳᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠯᠠᠨ ᠲᠦᠮᠡᠨ ᠳᠤ ᠣᠨᠴᠠᠭᠠᠶᠢᠯᠠᠨ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄    ᠨᠢᠭᠡ᠂ ᠠᠮᠤᠷ ᠲᠠᠶᠢᠪᠤᠩ ᠢᠶᠠᠷ ᠬᠠᠩᠰᠢ ᠶᠢᠨ ᠡᠳᠦᠷ ᠤᠨ ᠲᠠᠬᠢᠯᠭ᠎ᠠ ᠬᠢᠬᠦ ᠶᠢ ᠰᠠᠨᠠᠭᠠᠴᠢᠯᠠᠨ᠎ᠠ    ᠠᠮᠤᠷ ᠲᠦᠪᠰᠢᠨ ᠤ ᠲᠠᠬᠢᠯᠭ᠎ᠠ ᠶᠢᠨ ᠤᠬᠠᠮᠰᠠᠷ ᠢ ᠪᠤᠢ ᠪᠣᠯᠭᠠᠬᠤ ᠬᠡᠷᠡᠭᠲᠡᠶ᠃ ᠭᠠᠯ ᠰᠡᠷᠭᠡᠶᠢᠯᠡᠬᠦ ᠬᠤᠯᠪᠣᠭᠳᠠᠯ ᠪᠥᠬᠦᠢ ᠲᠣᠭᠲᠠᠭᠠᠯ  ᠢ ᠴᠢᠩᠭ᠎ᠠ ᠵᠢᠷᠤᠮᠯᠠᠨ᠂ ᠭᠠᠯ  ᠤᠨ ᠲᠥᠷᠥᠯ  ᠢ ᠠᠪᠴᠤ ᠪᠡᠯᠴᠢᠭᠡᠷ᠂ ᠰᠢᠭᠤᠶᠢᠲᠤ ᠣᠷᠣᠨ᠂ ᠠᠭᠤᠯᠠᠷᠬᠠᠭ ᠣᠷᠣᠨ ᠲᠤ ᠣᠷᠣᠬᠤ ᠶᠢ ᠴᠢᠩᠭ᠎ᠠ ᠴᠠᠭᠠᠵᠠᠯᠠᠵᠤ᠂ ᠲᠠᠬᠢᠯᠭ᠎ᠠ ᠶᠢᠨ ᠭᠠᠵᠠᠷ ᠲᠤ ᠴᠠᠭᠠᠰᠤ ᠬᠦᠵᠢ ᠠᠰᠠᠭᠠᠬᠤ ᠪᠠ ᠬᠤᠸᠠᠷ ᠫᠤᠤᠵᠢᠩ ᠲᠠᠯᠪᠢᠬᠤ ᠶᠢ ᠴᠢᠩᠭ᠎ᠠ ᠴᠠᠭᠠᠵᠠᠯᠠᠵᠤ᠂ ᠭᠠᠯ  ᠤᠨ ᠠᠶᠤᠯ  ᠤᠨ ᠲᠠᠯᠳᠠ ᠭᠡᠮ ᠢ‌ᠡᠷᠡᠰ ᠬᠤᠷᠢᠭᠯᠠᠬᠤ ᠬᠡᠷᠡᠭᠲᠡᠶ᠃ ᠭᠠᠯ ᠤᠨ ᠠᠶᠤᠯ ᠢ ᠡᠭᠦᠰᠭᠡᠭᠰᠡᠨ᠂ ᠡᠳ᠋ ᠬᠥᠷᠥᠩᠭᠡ ᠶᠢᠨ ᠬᠤᠬᠢᠷᠠᠯ ᠤᠴᠠᠷᠠᠭᠤᠯᠤᠭᠰᠠᠨ᠂ ᠬᠥᠮᠦᠨ ᠬᠠᠷ᠎ᠠ ᠥᠭᠦᠵᠦ ᠰᠢᠷᠬᠠᠲᠤᠭᠰᠠᠨ ᠵᠡᠷᠭᠡ ᠬᠦᠨᠳᠦ ᠨᠣᠴᠢᠲᠠᠶ ᠤᠷᠰᠢᠭ ᠲᠠᠲᠠᠭᠰᠠᠨ ᠬᠥᠮᠦᠰ ᠪᠠ ᠨᠢᠭᠡᠴᠡ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠬᠠᠤᠯᠢ ᠶᠣᠰᠣᠭᠠᠷ ᠴᠢᠩᠭ᠎ᠠ ᠪᠠᠶᠢᠴᠠᠭᠠᠵᠤ᠂ ᠴᠢᠩᠭ᠎ᠠ ᠰᠢᠳᠬᠡᠬᠦ ᠪᠣᠯᠤᠨ᠎ᠠ᠃ ᠣᠷᠭᠢᠯ ᠢ ᠵᠥᠷᠢᠭᠦᠯᠦᠨ ᠳᠠᠬᠢᠯᠭ᠎ᠠ ᠬᠢᠬᠦ ᠶᠢ ᠰᠠᠨᠠᠭᠠᠴᠢᠯᠠᠵᠤ᠂ ᠭᠠᠷᠠᠭ ᠤᠨ ᠰᠡᠭᠦᠯᠴᠢ ᠪᠠ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠣᠷᠭᠢᠯ ᠦᠶ᠎ᠡ ᠶᠢ ᠱᠦᠭᠦᠷᠳᠡᠬᠦ ᠠᠴᠠ ᠵᠠᠶᠢᠯᠠᠰᠬᠢᠵᠦ᠂ ᠳᠠᠬᠢᠯᠭ᠎ᠠ ᠬᠢᠬᠦ ᠴᠠᠭ ᠪᠠ ᠬᠥᠮᠦᠨ ᠤ ᠲᠤᠭ᠎ᠠ ᠶᠢ ᠵᠣᠬᠢᠰᠲᠠᠶ ᠲᠣᠬᠢᠷᠠᠭᠤᠯᠬᠤ ᠬᠡᠷᠡᠭᠲᠡᠶ᠃ ᠣᠷᠣᠰᠢᠭᠤᠯᠭ᠎ᠠ ᠶᠢᠨ  ᠤᠶᠢᠯᠡᠴᠢᠯᠡᠭᠡᠨ ᠤ ᠲᠠᠯᠠᠪᠤᠷ ᠤᠨ ᠠᠮᠤᠷ ᠲᠦᠪᠰᠢᠨ ᠤ ᠲᠣᠭᠲᠠᠭᠠᠯ ᠢ ᠵᠢᠷᠤᠮᠯᠠᠨ ᠰᠠᠬᠢᠵᠤ᠂ ᠲᠦᠭᠵᠢᠷᠡᠵᠦ ᠭᠢᠰᠬᠢᠯᠡᠬᠦ ᠶᠢ ᠴᠢᠩᠭ᠎ᠠ ᠰᠡᠷᠭᠡᠶᠢᠯᠡᠨ᠂ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠶᠠᠷ᠂ ᠪᠣᠯᠪᠠᠰᠤᠨ ᠢᠶᠠᠷ ᠳᠠᠬᠢᠯᠭ᠎ᠠ ᠬᠢᠬᠦ ᠶᠢ ᠰᠠᠨᠠᠭᠠᠴᠢᠯᠠᠨ᠎ᠠ    ᠪᠣᠯᠪᠠᠰᠤᠨ ᠳᠠᠬᠢᠯᠭ᠎ᠠ ᠶᠢᠨ ᠰᠢᠨ᠎ᠡ ᠰᠤᠷᠲᠠᠯ ᠢ ᠪᠤᠢ ᠪᠣᠯᠭᠠᠶ᠎ᠠ᠃ ᠳᠠᠬᠢᠯᠭ᠎ᠠ ᠶᠢᠨ ᠮᠠᠭᠤ ᠳᠠᠳᠬᠠᠯ ᠢ ᠤᠬᠠᠮᠰᠠᠷ ᠠᠴᠠ ᠪᠠᠨ ᠲᠠᠶᠠᠭᠳᠠᠵᠤ᠂ ᠰᠣᠷᠭᠤᠭ ᠴᠡᠴᠡᠭ ᠬᠦᠷᠭᠡᠬᠦ᠂ ᠬᠥᠬᠡᠮᠳᠦᠭ ᠨᠣᠭᠤᠭᠠᠨ ᠳᠠᠬᠢᠯᠭ᠎ᠠ ᠬᠢᠬᠦ᠂ ᠳᠠᠬᠢᠯᠭ᠎ᠠ ᠶᠢᠨ ᠪᠢᠴᠢᠭ ᠢ ᠤᠷᠠᠨ ᠲᠣᠳᠣ ᠤᠩᠰᠢᠬᠤ᠂ ᠣᠩᠭᠤᠨ ᠤ ᠬᠥᠰᠢᠶ᠎ᠡ ᠶᠢ ᠴᠡᠪᠡᠷᠯᠡᠬᠦ᠂ ᠰᠦᠯᠵᠢᠶᠡᠨ ᠳᠡᠭᠡᠷ᠎ᠡ ᠳᠤᠷᠠᠰᠬᠠᠬᠤ᠂ ᠨᠡᠶᠢᠲᠡ ᠶᠢᠨ ᠳᠠᠬᠢᠯᠭ᠎ᠠ ᠬᠢᠬᠦ᠂ ᠨᠡᠶᠢᠭᠡᠮ ᠲᠣᠭᠤᠷᠢᠭ ᠤᠨ ᠬᠠᠮᠲᠤ ᠶᠢᠨ ᠳᠠᠬᠢᠯᠭ᠎ᠠ ᠬᠢᠬᠦ᠂ ᠭᠡᠷ ᠪᠦᠯᠢ ᠶᠢᠨ ᠳᠤᠷᠠᠰᠬᠠᠯ ᠤᠨ ᠬᠤᠷᠠᠯ ᠬᠢᠬᠦ ᠵᠡᠷᠭᠡ ᠪᠣᠯᠪᠠᠰᠤᠨ ᠰᠠᠶᠢᠬᠠᠨ ᠣᠳᠣ ᠦᠶ᠎ᠡ ᠶᠢᠨ ᠳᠠᠬᠢᠯᠭ᠎ᠠ ᠶᠢᠨ ᠬᠡᠯᠪᠡᠷᠢ ᠶᠢ ᠬᠡᠷᠡᠭᠯᠡᠬᠦ ᠬᠡᠷᠡᠭᠲᠡᠶ᠃ ᠲᠠᠬᠢᠯᠭ᠎ᠠ ᠶᠢᠨ ᠠᠵᠢᠯᠯᠠᠭ᠎ᠠ ᠳᠠᠬᠢ ᠮᠤᠬᠤᠷ ᠰᠦᠰᠦᠭ ᠤᠨ ᠠᠵᠢᠯᠯᠠᠭ᠎ᠠ ᠪᠠ ᠴᠠᠭᠠᠰᠤᠨ ᠵᠣᠭᠤᠰ᠂ ᠬᠦᠵᠢ ᠵᠤᠯᠠ ᠵᠡᠷᠭᠡ ᠪᠤᠯᠬᠢ ᠪᠦᠳᠦᠭᠦᠯᠢᠭ ᠲᠠᠬᠢᠯᠭ᠎ᠠ ᠶᠢᠨ ᠬᠡᠷᠡᠭᠰᠡᠯ ᠢ ᠬᠡᠷᠡᠭᠯᠡᠬᠦ ᠶᠢ ᠡᠷᠡᠰ ᠬᠤᠷᠢᠭᠯᠠᠬᠤ ᠬᠡᠷᠡᠭᠲᠡᠶ᠃ ᠵᠡᠭᠡᠯᠢ ᠭᠤᠳᠤᠮᠵᠢ ᠶᠢᠨ ᠵᠠᠮ ᠤᠨ ᠠᠭᠤᠯᠵᠠᠷ᠂ ᠨᠣᠭᠤᠭᠠᠨ ᠭᠠᠵᠠᠷ᠂ ᠨᠡᠶᠢᠲᠡ ᠶᠢᠨ ᠪᠤᠩᠬᠤᠨ ᠵᠡᠷᠭᠡ ᠤᠯᠠᠨ ᠨᠡᠶᠢᠲᠡ ᠶᠢᠨ ᠲᠠᠯᠠᠪᠤᠷ ᠲᠤ ᠴᠠᠭᠠᠰᠤᠨ ᠵᠣᠭᠤᠰ ᠰᠢᠲᠠᠭᠠᠵᠤ᠂ ᠬᠤᠸᠠᠷ ᠫᠤᠤᠵᠢᠩ ᠲᠠᠯᠪᠢᠵᠤ ᠂ ᠲᠠᠬᠢᠯᠭ᠎ᠠ ᠶᠢᠨ ᠡᠳ᠋ ᠲᠠᠯᠪᠢᠵᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠠᠷ ᠬᠠᠮᠠᠭᠠᠯᠠᠨ᠎ᠠ᠃    ᠭᠤᠷᠪᠠ᠂ ᠪᠣᠬᠢᠷᠲᠤᠯ ᠥᠬᠡᠶ ᠳᠠᠬᠢᠯᠭ᠎ᠠ ᠶᠢ ᠰᠠᠨᠠᠭᠠᠴᠢᠯᠠᠨ᠎ᠠ    ᠪᠣᠬᠢᠷᠲᠤᠯ ᠥᠬᠡᠶ ᠲᠠᠬᠢᠯᠭ᠎ᠠ ᠶᠢᠨ ᠣᠶᠢᠯᠠᠭᠠᠭᠳᠠᠬᠤᠨ ᠢ ᠪᠣᠶ ᠪᠣᠯᠭᠠᠨ᠎ᠠ᠃ ᠭᠠᠵᠠᠷ ᠠᠷᠪᠢᠯᠠᠬᠤ ᠠᠮᠢ ᠠᠬᠤᠶ ᠶᠢᠨ ᠣᠷᠣᠰᠢᠭᠤᠯᠭ᠎ᠠ᠂ ᠭᠠᠵᠠᠷ ᠰᠢᠷᠣᠶ ᠶᠢᠨ ᠡᠬᠢ ᠪᠠᠶᠠᠯᠢᠭ ᠢ ᠪᠣᠯᠵᠣᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠶᠡᠬᠡᠪᠡᠷ ᠬᠡᠷᠡᠭᠵᠢᠭᠦᠯᠵᠦ᠂ ᠶᠠᠰᠤᠨ ᠤ ᠦᠨᠡᠰᠦ ᠶᠢ ᠰᠠᠴᠤᠬᠤ᠂ ᠭᠦᠨ ᠪᠤᠯᠠᠬᠤ᠂ ᠮᠣᠳᠣᠨ ᠳᠤ ᠣᠷᠣᠰᠢᠭᠤᠯᠬᠤ᠂ ᠵᠦᠯᠭᠡᠨ ᠳᠡᠭᠡᠷ᠎ᠡ ᠣᠷᠣᠰᠢᠭᠤᠯᠬᠤ᠂ ᠬᠠᠨ᠎ᠠ ᠳᠤ ᠣᠷᠣᠰᠢᠭᠤᠯᠬᠤ ᠵᠡᠷᠭᠡ ᠪᠣᠬᠢᠷᠲᠤᠯ ᠥᠬᠡᠶ ᠭᠠᠵᠠᠷ ᠠᠷᠪᠢᠯᠠᠬᠤ ᠣᠷᠣᠰᠢᠭᠤᠯᠭ᠎ᠠ ᠮᠠᠶ᠋ᠢᠭ ᠤᠨ ᠣᠷᠣᠰᠢᠭᠤᠯᠭ᠎ᠠ ᠶᠢᠨ ᠠᠷᠭ᠎ᠠ ᠶᠢ ᠰᠣᠩᠭᠤᠵᠤ᠂ ᠬᠥᠮᠦᠨ ᠬᠢᠭᠡᠳ ᠪᠠᠶᠢᠭᠠᠯᠢ ᠶᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ᠂ ᠬᠠᠮᠲᠤ ᠪᠠᠷ ᠠᠭᠤᠰᠤᠯᠴᠠᠭᠤᠯᠬᠤ ᠬᠡᠷᠡᠭᠲᠡᠶ᠃ ᠣᠩᠭᠤᠨ ᠤ ᠬᠥᠰᠢᠶ᠎ᠡ ᠪᠤᠶᠤ ᠣᠩᠭᠤᠨ ᠤ ᠬᠥᠰᠢᠶ᠎ᠡ ᠶᠢ ᠵᠢᠵᠢᠭ ᠬᠡᠯᠪᠡᠷᠢᠵᠢᠭᠦᠯᠬᠦ᠂ ᠪᠢᠴᠢᠯ ᠬᠡᠯᠪᠡᠷᠢᠵᠢᠭᠦᠯᠬᠦ᠂ ᠳᠤᠷ᠎ᠠ ᠪᠠᠷ ᠢᠶᠠᠨ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠦᠭᠡᠢ᠂ ᠶᠡᠭᠡ ᠣᠩᠭᠤᠨ᠂ ᠬᠡᠭᠡᠨᠴᠢᠷ ᠣᠩᠭᠤᠨ ᠢ ᠵᠠᠰᠠᠬᠤ ᠦᠭᠡᠢ ᠪᠠᠶᠢᠬᠤ ᠶᠢ ᠰᠠᠨᠠᠭᠠᠴᠢᠯᠠᠨ᠎ᠠ᠃ ᠠᠮᠢᠳᠤ ᠶᠠᠪᠤᠭᠰᠠᠳ ᠢᠳᠡᠪᠬᠢᠲᠡᠶ ᠡᠷᠡᠭᠦᠯ ᠢᠶᠠᠷ ᠠᠮᠢᠳᠤᠷᠠᠬᠤ ᠪᠣᠯ ᠨᠥᠭᠴᠢᠭᠰᠡᠳ ᠤᠨ ᠬᠠᠮᠤᠭ ᠤᠨ ᠰᠠᠶᠢᠨ ᠳᠤᠷᠠᠰᠬᠠᠯ ᠮᠥᠨ᠂ ᠡᠬᠡ ᠪᠠᠶᠢᠭᠠᠯᠢ ᠲᠠᠢ ᠣᠶᠢᠷᠠᠲᠤᠨ᠂ ᠦᠵᠡᠯ ᠰᠡᠳᠬᠢᠯᠭᠡ ᠪᠠᠨ ᠪᠣᠯᠪᠠᠰᠤᠷᠠᠭᠤᠯᠵᠤ᠂ ᠢᠳᠡᠪᠬᠢᠲᠡᠶ ᠡᠷᠡᠭᠦᠯ ᠥᠭᠡᠳᠡᠷᠬᠡᠭ ᠠᠮᠢᠳᠤᠷᠠᠬᠤᠶ ᠶᠢᠨ ᠣᠪᠣᠷ ᠢ ᠪᠦᠷᠢᠯᠳᠦᠭᠦᠯᠳᠡᠭ᠃    ᠳᠥᠷᠪᠡ᠂ ᠠᠷᠪᠢᠴᠢ ᠭᠠᠮᠲᠠᠶ  ᠳᠠᠬᠢᠯᠭ᠎ᠠ  ᠬᠢᠬᠦ ᠶᠢ ᠰᠠᠨᠠᠭᠠᠴᠢᠯᠠᠨ᠎ᠠ    ᠠᠷᠪᠢᠴᠢ ᠭᠠᠮᠲᠠᠶ ᠳᠠᠬᠢᠯᠭ᠎ᠠ ᠶᠢᠨ ᠦᠵᠡᠯᠲᠡ ᠶᠢ ᠪᠤᠶ ᠪᠣᠯᠭᠠᠬᠤ ᠬᠡᠷᠡᠭᠲᠡᠶ᠃ ᠠᠷᠪᠢᠯᠠᠨ ᠭᠠᠮᠨᠠᠵᠤ ᠪᠡᠯᠪᠡᠰᠦᠷᠡᠯ ᠢ ᠵᠠᠰᠠᠬᠤ ᠶᠢ ᠰᠠᠨᠠᠭᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠵᠤᠵᠠᠭᠠᠨ ᠠᠰᠠᠷᠠᠵᠤ ᠶᠣᠰᠣᠯᠠᠵᠤ ᠣᠷᠣᠰᠢᠭᠤᠯᠬᠤ ᠤᠳᠤ ᠦᠶ᠎ᠡ ᠶᠢᠨ ᠣᠶᠢᠯᠠᠭᠠᠭᠳᠠᠬᠤᠨ ᠢ ᠪᠤᠢ ᠪᠣᠯᠭᠠᠨ᠎ᠠ᠃ ᠵᠠᠭᠤᠨ ᠪᠤᠶᠠᠨ ᠤ ᠠᠴᠢᠯᠠᠯ ᠢ ᠲᠡᠷᠢᠭᠦᠨ ᠳᠤ ᠲᠠᠯᠪᠢᠵᠤ᠂ ᠨᠠᠰᠤᠲᠠᠨ ᠢ ᠠᠮᠢᠳᠤ ᠰᠡᠷᠡᠭᠦᠨ ᠪᠠᠶᠢᠬᠤ ᠳᠠᠭᠠᠨ ᠠᠴᠢᠯᠠᠯ ᠤᠨ ᠶᠣᠰᠣ ᠶᠢ ᠢᠯᠡᠭᠦᠬᠡᠨ ᠭᠦᠢᠴᠡᠳᠬᠡᠵᠦ᠂ ᠳᠡᠳᠡᠨ ᠢ ᠥᠲᠡᠯᠪᠡᠯ ᠠᠰᠠᠷᠠᠮᠵᠢ ᠲᠠᠢ᠂ ᠥᠲᠡᠯᠪᠡᠯ ᠪᠠᠶᠠᠷ ᠴᠡᠩᠭᠡᠯ ᠲᠠᠢ ᠪᠣᠯᠭᠠᠬᠤ ᠬᠡᠷᠡᠭᠲᠡᠶ︔ ᠨᠠᠰᠤᠲᠠᠨ ᠨᠠᠰᠤ ᠨᠥᠭᠴᠢᠭᠰᠡᠨ ᠤ ᠲᠠᠷᠠᠭ᠎ᠠ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠵᠦ᠂ ᠶᠡᠭᠡ ᠪᠠᠷ ᠬᠢᠬᠦ ᠦᠭᠡᠢ ᠪᠠᠶᠢᠵᠤ᠂ ᠠᠷᠪᠢᠴᠢ ᠭᠠᠮᠲᠠᠶ ᠲᠠᠬᠢᠯᠭ᠎ᠠ ᠶᠢᠨ ᠠᠷᠭ᠎ᠠ ᠪᠠᠷ ᠭᠠᠰᠢᠭᠤᠳᠠᠯ ᠢᠶᠠᠨ ᠢᠯᠡᠳᠬᠡᠬᠦ ᠶᠢ ᠰᠠᠨᠠᠭᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠡᠴᠦᠰ ᠲᠡᠭᠡᠨ ᠬᠢᠴᠢᠶᠡᠨ ᠠᠯᠤᠰ ᠢ ᠬᠥᠭᠡᠭᠡᠴᠡᠯᠳᠦᠬᠦ ᠬᠠᠶᠢᠷ᠎ᠠ ᠰᠡᠳᠬᠢᠯᠭᠡ ᠶᠢ ᠤᠳᠤ ᠦᠶ᠎ᠡ ᠶᠢᠨ ᠪᠣᠯᠪᠠᠰᠤᠨ ᠤ ᠢᠯᠡᠳᠬᠡᠬᠦ ᠠᠷᠭ᠎ᠠ ᠳᠤ ᠠᠭᠤᠰᠬᠠᠨ ᠣᠷᠣᠭᠤᠯᠬᠤ ᠬᠡᠷᠡᠭᠲᠡᠶ᠃     ᠪᠢᠳᠡ ᠪᠣᠯᠪᠠᠰᠤᠨ᠂  ᠨᠥᠭᠴᠢᠭᠰᠡᠨ ᠲᠥᠷᠥᠯ ᠰᠠᠳᠤᠨ ᠢᠶᠠᠨ ᠳᠤᠷᠠᠰᠬᠠᠵᠤ᠂ ᠢᠳᠡᠪᠬᠢᠲᠡᠶ᠂ ᠪᠠᠶᠠᠰᠤᠩᠭᠤᠶ ᠣᠪᠣᠷ ᠢᠶᠠᠷ ᠣᠳᠣᠬᠠᠨ ᠤ ᠠᠮᠢᠳᠤᠷᠠᠯ ᠳᠠᠭᠠᠨ ᠬᠠᠨᠳᠤᠬᠤ ᠬᠡᠷᠡᠭᠲᠡᠶ᠃ ᠪᠦᠬᠦ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠪᠤᠯᠬᠢ ᠳᠠᠳᠬᠠᠯ ᠠᠴᠠ ᠰᠠᠯᠬᠤ᠂ ᠪᠣᠯᠪᠠᠰᠤᠨ ᠢ ᠡᠷᠬᠢᠮᠯᠡᠬᠦ ᠶᠢᠨ ᠲᠠᠭᠠᠭᠤᠯᠤᠬᠴᠢ ᠪᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠂ ᠪᠣᠯᠪᠠᠰᠤᠨ ᠤ ᠲᠠᠬᠢᠯᠭ᠎ᠠ ᠶᠢᠨ ᠠᠬᠢᠭᠤᠯᠤᠭᠴᠢ ᠪᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠰ ᠤᠨ ᠢᠶᠠᠨ ᠪᠣᠯᠪᠠᠰᠤᠨ ᠤ ᠲᠠᠬᠢᠯᠭ᠎ᠠ ᠶᠢ ᠬᠦᠳᠦᠯᠦᠨ ᠳᠠᠭᠠᠭᠤᠯᠵᠤ᠂ ᠪᠣᠯᠪᠠᠰᠤᠨ ᠬᠤᠳᠠ ᠶᠢ ᠬᠠᠮᠲᠤ ᠪᠠᠷ ᠴᠣᠭᠴᠠᠯᠠᠵᠤ᠂ ᠪᠣᠬᠢᠷᠲᠤᠯ ᠦᠭᠡᠢ ᠭᠡᠷ ᠣᠷᠣᠨ ᠢ ᠬᠠᠮᠲᠤ ᠪᠠᠷ ᠪᠦᠳᠦᠭᠡᠨ ᠪᠠᠶᠢᠭᠤᠯᠬᠤ ᠬᠡᠷᠡᠭᠲᠡᠢ᠃ ᠲᠠᠨ ᠤ ᠣᠶᠢᠯᠠᠭᠠᠵᠤ ᠳᠡᠮᠵᠢᠭᠰᠡᠨ ᠳᠤ ᠪᠠᠶᠠᠷᠯᠠᠯ᠎ᠠ︕                    ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ                             2024 ᠣᠨ ᠤ 3 ᠰᠠᠷ᠎ᠠ                                    ᠨᠠᠶᠢᠷᠠᠭᠤᠯᠤᠭᠴᠢ᠄   ᠶᠠᠩ  ᠿᠦᠢ ᠵᠧᠨ                                    ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2