ᠲᠠᠭ᠎ᠠ ᠶᠢᠨ ᠨᠠᠭᠤᠷ ᠪᠠᠯᠭᠠᠰᠤᠨ ᠤ ᠸᠠᠩ ᠬᠠᠶ ᠨᠡᠶᠢᠭᠡᠮ ᠲᠣᠭᠤᠷᠢᠭ᠄ ᠰᠠᠭᠤᠭᠠᠯᠢ ᠠᠷᠠᠳ ᠤᠨ ᠤᠰᠤ ᠬᠠᠩᠭᠠᠬᠤ ᠰᠠᠭᠠᠳ ᠲᠣᠳᠬᠠᠷ ᠢ ᠴᠠᠭ ᠲᠤᠬᠠᠶ ᠳᠤᠨᠢ ᠠᠷᠢᠯᠭᠠᠵᠤ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠤᠯᠪᠠ
ᠨᠡᠶᠢᠲᠡᠯᠡᠭᠰᠡᠨ ᠴᠠᠭ᠄
2024/4/10
   ᠲᠦᠭᠡᠭᠡᠯ ᠤᠰᠤᠨ ᠤ ᠬᠤᠭᠤᠯᠠᠶ ᠶᠢᠨ ︽ᠬᠤᠷᠴᠢᠭᠢᠨᠠᠬᠤ︾ ᠤᠷᠤᠰᠬᠠᠯ ᠤᠨ ᠲᠠᠭᠤᠨ ᠢ ᠳᠠᠭᠠᠯᠳᠤᠨ᠂ᠲᠠᠭ᠎ᠠ ᠶᠢᠨ ᠨᠠᠭᠤᠷ ᠪᠠᠯᠭᠠᠰᠤᠨ ᠤ ᠸᠠᠩ ᠬᠠᠶ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠴᠢᠷᠠᠶ ᠳᠤ ᠪᠠᠶᠠᠷ ᠤᠨ ᠢᠨᠢᠶᠡᠮᠰᠦᠭᠯᠡᠯ ᠪᠢᠯᠬᠠᠵᠤ ᠪᠠᠶᠢᠯ᠎ᠠ᠃ ︽ᠺᠠᠳ᠋ᠷᠴᠤᠳ ᠤᠰᠤᠨ ᠤ ᠠᠰᠠᠭᠤᠳᠠᠯ ᠢ ᠴᠤ  ᠰᠢᠢᠳᠪᠤᠷᠢᠯᠡᠵᠦ ᠥᠭᠭᠦᠯ᠎ᠡ᠂ ᠤᠰᠤ ᠶᠢ ᠴᠤ  ᠰᠠᠶᠢᠬᠠᠨ ᠵᠠᠰᠠᠵᠤ ᠥᠭᠭᠦᠯ᠎ᠡ᠂ ᠣᠯᠠᠨ ᠲᠦᠮᠡᠨ ᠤ ᠢᠳᠡᠬᠦ ᠤᠰᠤᠨ ᠳᠤ ᠬᠦᠴᠢᠷᠳᠡᠬᠦ ᠦᠭᠡᠶ ᠪᠣᠯᠵᠠᠶ᠂ ᠶᠡᠭᠡ  ᠰᠠᠶᠢᠨ ᠪᠠᠶᠢᠨ᠎ᠠ︾ ᠭᠡᠪᠡ᠃
        ᠡᠪᠦᠯ ᠬᠠᠪᠤᠷ ᠤᠨ ᠤᠯᠠᠷᠢᠯ ᠡᠭᠡᠯᠵᠢᠯᠡᠬᠦ ᠦᠶ᠎ᠡ ᠳᠤ᠂  ᠲᠠᠭ᠎ᠠ ᠶᠢᠨ ᠨᠠᠭᠤᠷ ᠪᠠᠯᠭᠠᠰᠤ ᠶᠢᠨ ᠸᠠᠩ ᠬᠠᠢ ᠨᠡᠶᠢᠭᠡᠮ ᠲᠣᠭᠤᠷᠢᠭ ᠲᠤ ᠲᠦᠭᠡᠭᠡᠯ ᠤᠰᠤᠨ ᠤ ᠤᠰᠤ ᠲᠠᠰᠤᠷᠠᠬᠤ ᠠᠰᠠᠭᠤᠳᠠᠯ ᠢᠯᠡᠷᠡᠵᠡᠢ᠃ ᠪᠣᠳᠠᠲᠠᠶ ᠪᠠᠶᠢᠳᠠᠯ ᠳᠤ ᠴᠢᠭᠯᠡᠭᠦᠯᠦᠨ᠂ ᠲᠠᠭ᠎ᠠ ᠶᠢᠨ ᠨᠠᠭᠤᠷ ᠪᠠᠯᠭᠠᠰᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠪᠣᠯᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠠᠵᠢᠯᠲᠠᠳ ᠣᠯᠠᠨ ᠤᠳᠠᠭ᠎ᠠ ᠡᠷᠦᠬᠡ ᠳᠤ ᠬᠦᠷᠴᠦ ᠰᠤᠷᠪᠤᠯᠵᠢᠯᠠᠭᠰᠠᠨ ᠪᠥᠭᠡᠳ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠠᠭᠤᠭᠠᠯᠢ ᠠᠷᠠᠳ ᠤᠨ ᠲᠦᠷ ᠬᠡᠷᠡᠭᠯᠡᠬᠦ ᠤᠰᠤ ᠶᠢ ᠪᠠᠲᠤᠯᠠᠭᠰᠠᠨ ᠤᠷᠢᠲᠠᠯ ᠳᠣᠤᠷ᠎ᠠ᠂ ᠲᠤᠰᠬᠠᠶ ᠮᠡᠷᠭᠡᠵᠢᠯ ᠤᠨ ᠠᠵᠢᠯᠲᠠᠨ ᠢ ᠡᠷᠢᠵᠦ ᠬᠡᠮ ᠭᠠᠷᠤᠭᠰᠠᠨ ᠰᠢᠯᠲᠠᠭᠠᠨ ᠢ ᠭᠦᠨᠵᠡᠭᠡᠶ ᠪᠠᠶᠢᠴᠠᠭᠠᠵᠤ᠂ ᠡᠴᠦᠰ ᠲᠡᠭᠡᠨ ᠡᠯᠡᠰᠦ ᠰᠢᠪᠠᠷ ᠨᠢ ᠬᠤᠲᠣᠭᠤᠷ ᠭᠠᠵᠠᠷ ᠲᠤ ᠲᠤᠨᠤᠭᠰᠠᠨ ᠠᠴᠠ ᠪᠣᠯᠵᠣ ᠬᠤᠭᠤᠯᠠᠶ ᠪᠥᠭᠯᠡᠷᠡᠭᠰᠡᠨ ᠪᠠᠶᠢᠨ᠎ᠠ ᠭᠡᠵᠦ ᠳᠣᠲᠣᠯᠠᠵᠠᠶ᠃ ᠪᠠᠶᠢᠴᠠᠭᠠᠯᠲᠠ ᠶᠢᠨ ᠬᠤᠳᠳᠤᠭ ᠪᠠᠶᠢᠭᠤᠯᠬᠤ ᠪᠠ ᠲᠦᠭᠵᠢᠷᠡᠯ ᠤᠨ ᠭᠠᠵᠠᠷ ᠤᠨ ᠬᠤᠭᠤᠯᠠᠶ ᠶᠢ ᠰᠣᠯᠢᠬᠤ ᠠᠷᠭ᠎ᠠ ᠪᠠᠷ ᠳᠠᠮᠵᠢᠭᠤᠯᠤᠨ᠂ ᠣᠳᠣᠬᠠᠨ ᠳᠤ ᠨᠡᠶᠢᠭᠡᠮ ᠲᠣᠭᠤᠷᠢᠭ ᠤᠨ 173 ᠡᠷᠦᠬᠡ ᠰᠠᠭᠤᠭᠠᠯᠢ ᠠᠷᠠᠳ ᠤᠨ ᠲᠦᠭᠡᠭᠡᠯ ᠤᠰᠤᠨ ᠤ ᠬᠠᠩᠭᠠᠯᠭ᠎ᠠ ᠶᠢ ᠰᠡᠷᠭᠦᠭᠡᠵᠡᠶ᠃
   ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠶᠠᠪᠤᠳᠠᠯ ᠪᠣᠯᠭᠠᠨ ᠳᠤ ᠰᠠᠨᠠᠭ᠎ᠠ ᠠᠮᠤᠷ ᠪᠠᠶᠢᠮᠤᠢ᠃ ᠲᠠᠭ᠎ᠠ ᠶᠢᠨ ᠨᠠᠭᠤᠷ ᠪᠠᠯᠭᠠᠰᠤ ᠶᠢᠨ ᠬᠢᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ ᠤᠯᠠᠨ ᠲᠦᠮᠡᠨ ᠤ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠶᠢᠵᠢᠭᠤᠯᠵᠤ᠂ ᠨᠠᠷᠢᠨ ᠲᠠᠩᠰᠠᠵᠢᠭᠤᠯᠵᠤ᠂ ᠬᠠᠷᠢᠭᠤᠴᠠᠯᠭ᠎ᠠ ᠲᠠᠢ ᠪᠣᠯᠭᠠᠵᠤ᠂ ᠪᠣᠳᠠᠲᠠᠢ ᠪᠥᠭᠡᠳ ᠨᠠᠷᠢᠯᠢᠭ ᠠᠳᠬᠤᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ ᠳᠡᠭᠡᠭᠰᠢᠯᠡᠭᠦᠯᠵᠡᠢ᠃                                              ᠨᠠᠶᠢᠷᠠᠭᠤᠯᠤᠭᠴᠢ᠄   ᠶᠠᠩ  ᠿᠦᠢ ᠵᠧᠨ                                              ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2