ᠯᠢᠶᠠᠩᠴᠧᠩ ᠰᠢᠶᠠᠨ ᠤ ᠮᠠᠩᠬᠠᠨ ᠪᠠᠯᠭᠠᠰᠤᠨ ᠤ ᠬᠠᠷ᠎ᠠ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠢ ᠠᠵᠢᠯ ᠡᠬᠢᠯᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2024/4/11
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠡᠷᠬᠡᠪᠰᠢ ᠤᠷᠢᠳᠠᠪᠠᠷ ᠬᠥᠭᠵᠢᠭᠦᠯᠬᠦ ᠬᠡᠷᠡᠭᠲᠡᠢ᠃ ᠤᠢᠢᠷ᠎ᠠ ᠳᠤ᠂ ᠯᠢᠶᠠᠩᠴᠧᠩ ᠰᠢᠶᠠᠨ ᠤ ᠮᠠᠩᠬᠠᠨ ᠪᠠᠯᠭᠠᠰᠤᠨ ᠤ ᠬᠠᠷ᠎ᠠ ᠦᠬᠡᠷ ᠲᠡᠵᠢᠭᠡᠨ ᠦᠷᠡᠵᠢᠭᠦᠯᠬᠦ  ᠵᠢᠱᠢᠶ᠎ᠡ‌ᠦᠵᠡᠭᠦᠯᠬᠦ ᠮᠠᠯᠵᠢᠯ ᠤᠨ ᠲᠠᠯᠠᠪᠠᠢ ᠵᠢᠩᠬᠢᠨᠢ ᠪᠠᠷ ᠠᠵᠢᠯ ᠢᠶᠠᠨ ᠡᠬᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃    ᠣᠶᠢᠯᠠᠭᠠᠭᠰᠠᠨ ᠢᠶᠠᠷ᠂ ᠲᠣᠰ ᠮᠠᠯᠵᠢᠯ ᠤᠨ ᠲᠠᠯᠠᠪᠠᠶ ᠶᠢᠨ ᠲᠠᠯᠠᠪᠠᠶ ᠨᠢ 200 ᠮᠥ ᠪᠠᠶᠢᠵᠤ᠂ ᠠᠦ᠋ᠰᠲᠷᠠᠯᠢᠶ᠎ᠠ ᠶᠢᠨ ᠭᠠᠳᠠᠭᠠᠳᠤ ᠠᠴᠠ ᠣᠷᠣᠭᠤᠯᠤᠭᠰᠠᠨ ᠴᠡᠪᠡᠷ ᠡᠭᠦᠯᠳᠡᠷ ᠤᠨ ᠦᠷᠡᠵᠢᠯ ᠤᠨ ᠦᠨᠢᠶ᠎ᠡ 500᠂ ᠡᠭᠦᠯᠳᠡᠷ ᠤᠨ ᠪᠤᠬ᠎ᠠ 10 ᠶᠢ ᠣᠷᠣᠭᠤᠯᠬᠤ ᠪᠠᠷ ᠲᠥᠯᠥᠪᠯᠡᠵᠦ ᠪᠠᠶᠢᠨ᠎ᠠ᠂ ᠵᠢᠱᠢᠯᠲᠡ ᠪᠠᠷ ᠵᠢᠯ ᠳᠤ 5000 ᠥᠨᠳᠥᠷ ᠲᠠᠰ ᠤᠨ ᠬᠠᠷ᠎ᠠ ᠦᠬᠡᠷ ᠢ ᠪᠣᠷᠣᠯᠠᠭᠤᠯᠬᠤ ᠪᠠᠷ ᠪᠠᠶᠢᠨ᠎ᠠ᠃ ᠲᠥᠷᠥᠯ  ᠵᠤᠶᠢᠯ ᠳᠠᠭᠤᠰᠤᠭᠰᠠᠨ ᠤ ᠳᠠᠷᠠᠭ᠎ᠠ᠂ ᠨᠢᠮᠪᠡᠭᠡ ᠶᠢ  ᠰᠢᠢᠳᠪᠤᠷᠢᠯᠡᠬᠦ᠂ ᠡᠰᠢ ᠰᠦᠷᠡᠯ ᠢ ᠰᠢᠢᠳᠪᠤᠷᠢᠯᠡᠬᠦ᠂ ᠦᠬᠡᠷ ᠤᠨ ᠪᠠᠭᠠᠰᠤ ᠶᠢ ᠰᠢᠢᠳᠪᠤᠷᠢᠯᠡᠬᠦ᠂ ᠣᠷᠭᠠᠨᠢᠭ ᠪᠣᠷᠲᠣᠭᠤᠷ  ᠤᠶᠢᠯᠡᠳᠪᠤᠷᠢᠯᠡᠬᠦ᠂ ᠪᠣᠬᠢᠷᠲᠤᠯ ᠥᠬᠡᠶ ᠲᠠᠷᠢᠮᠠᠯ ᠢ ᠨᠢᠭᠡ ᠴᠤᠭᠴᠠᠵᠢᠭᠤᠯᠤᠭᠰᠠᠨ ᠪᠦᠷᠢᠨ ᠪᠦᠲᠦᠨ ᠠᠵᠤ  ᠤᠶᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠲᠤᠬᠠᠶ ᠶᠢᠨ ᠭᠠᠵᠠᠷ ᠤᠨ ᠡᠯ᠎ᠡ  ᠵᠤᠶᠢᠯ ᠤᠨ ᠠᠵᠤ  ᠤᠶᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠳᠥᠯᠭᠢᠨ ᠠᠬᠢᠭᠤᠯᠬᠤ ᠪᠣᠯᠤᠨ᠎ᠠ᠃    ᠬᠠᠷ᠎ᠠ ᠦᠬᠡᠷ ᠲᠡᠵᠢᠭᠡᠨ ᠦᠷᠡᠵᠢᠭᠦᠯᠬᠦ ᠶᠢᠨ ᠦᠷ᠎ᠡ ᠠᠰᠢᠭ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠂ ᠮᠠᠯᠵᠢᠯ ᠤᠨ ᠲᠠᠯᠠᠪᠠᠶ ᠳᠤ ᠪᠠᠰᠠ ᠬᠠᠷ᠎ᠠ ᠦᠬᠡᠷ ᠤᠨ ᠡᠭᠦᠯᠳᠡᠷ ᠪᠤᠶᠢᠵᠢᠭᠤᠯᠬᠤ ᠭᠤᠤᠯᠯᠠᠬᠤ ᠰᠦᠷᠦᠭ ᠢ ᠪᠠᠶᠢᠭᠤᠯᠵᠤ ᠂ ᠡᠭᠦᠯᠳᠡᠷ ᠤᠨ ᠵᠠᠯᠠᠭᠤ ᠰᠠᠭᠠᠯᠢ ᠶᠢᠨ ᠦᠨᠢᠶ᠎ᠡ ᠶᠢ ᠠᠰᠢᠭᠯᠠᠨ ᠴᠡᠪᠡᠷ ᠡᠭᠦᠯᠳᠡᠷ ᠤᠨ ᠬᠠᠷ᠎ᠠ ᠦᠬᠡᠷ ᠢ ᠥᠷᠭᠡᠳᠬᠡᠨ ᠦᠷᠡᠵᠢᠭᠦᠯᠵᠦ᠂ ᠢᠷᠡᠭᠡᠳᠦᠶ ᠶᠢᠨ 2 — 3 ᠵᠢᠯ ᠤᠨ ᠳᠣᠲᠣᠷ᠎ᠠ 5 — 6 ᠡᠭᠦᠯᠳᠡᠷ ᠪᠤᠶᠢᠵᠢᠭᠤᠯᠬᠤ᠂ ᠶᠡᠷᠦᠩᠬᠡᠶ ᠲᠤᠭ᠎ᠠ ᠨᠢ 1000 — 2000 ᠲᠣᠯᠣᠭᠠᠶ ᠶᠢᠨ ᠬᠡᠪᠴᠢᠶᠡᠨ ᠤ ᠡᠭᠦᠯᠳᠡᠷ ᠪᠤᠶᠢᠵᠢᠭᠤᠯᠬᠤ ᠭᠤᠤᠯᠯᠠᠬᠤ ᠰᠦᠷᠦᠭ ᠲᠤ ᠬᠦᠷᠭᠡᠬᠦ ᠪᠠᠷ ᠲᠥᠯᠥᠪᠯᠡᠵᠦ ᠪᠠᠶᠢᠨ᠎ᠠ᠃ ᠡᠭᠦᠨ ᠤ ᠬᠠᠮᠲᠤ᠂ ᠮᠠᠯᠵᠢᠯ ᠤᠨ ᠲᠠᠯᠠᠪᠠᠶ ᠳᠤ ᠪᠠᠰᠠ ᠲᠡᠵᠢᠭᠡᠪᠦᠷᠢ ᠶᠢᠨ ᠰᠢᠨ᠎ᠡ ᠰᠢᠰᠲ᠋ᠧᠮ ᠢ ᠪᠠᠶᠢᠭᠤᠯᠵᠤ᠂ ᠬᠠᠷ᠎ᠠ ᠦᠬᠡᠷ ᠤᠨ ᠠᠳᠠᠯᠢ ᠪᠤᠰᠤ ᠱᠠᠲᠤᠨ ᠤ ᠪᠤᠶᠢᠵᠢᠯᠲᠠ ᠶᠢᠨ ᠣᠨᠴᠠᠯᠢᠭ ᠢ ᠦᠨᠳᠦᠰᠦᠯᠡᠨ᠂ ᠱᠠᠲᠤ ᠬᠤᠪᠢᠶᠠᠨ ᠨᠠᠷᠢᠯᠢᠬᠵᠢᠭᠤᠯᠤᠨ ᠲᠡᠵᠢᠭᠡᠨ ᠦᠷᠡᠵᠢᠭᠦᠯᠵᠦ᠂ ᠬᠠᠷ᠎ᠠ ᠦᠬᠡᠷ ᠤᠨ ᠡᠷᠡᠭᠦᠯ ᠴᠢᠭᠢᠷᠠᠭ ᠪᠠ ᠶᠠᠰᠤ ᠴᠢᠨᠠᠷ ᠢ ᠦᠨᠡᠨ ᠬᠦ ᠪᠠᠲᠤᠯᠠᠬᠤ ᠪᠣᠯᠤᠨ᠎ᠠ᠃    ᠯᠢᠶᠠᠩᠴᠧᠩ ᠰᠢᠶᠠᠨ ᠤ  ᠮᠠᠩᠬᠠᠨ ᠪᠠᠯᠭᠠᠰᠤᠨ ᠤ ᠬᠠᠷ᠎ᠠ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ ᠶᠢᠨ ᠲᠥᠷᠥᠯ  ᠵᠤᠶᠢᠯ ᠤᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠲᠥᠯᠥᠪᠯᠡᠭᠡ ᠨᠢ 2 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠲᠤ ᠬᠦᠷᠴᠦ᠂ ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ ᠨᠢ 3 ᠵᠢᠯ ᠪᠣᠯᠤᠨ᠎ᠠ᠃ ᠲᠥᠷᠥᠯ  ᠵᠤᠶᠢᠯ ᠳᠠᠭᠤᠰᠤᠭᠰᠠᠨ ᠤ ᠳᠠᠷᠠᠭ᠎ᠠ᠂ ᠵᠢᠯ ᠳᠤ 5000 ᠴᠢᠨᠠᠷ ᠰᠠᠶᠢᠲᠠᠶ ᠬᠠᠷ᠎ᠠ ᠦᠬᠡᠷ ᠪᠣᠷᠣᠯᠠᠭᠤᠯᠬᠤ  ᠤᠶᠢᠯᠡᠳᠪᠤᠷᠢᠯᠡᠯ ᠤᠨ ᠬᠡᠪᠴᠢᠶ᠎ᠡ ᠶᠢ ᠪᠡᠶᠡᠯᠡᠭᠦᠯᠬᠦ ᠪᠠᠷ ᠪᠠᠷᠠᠬᠤ ᠥᠬᠡᠶ᠂ ᠪᠠᠰᠠ ᠺᠣᠮᠫᠠᠨᠢ + ᠬᠤᠷᠰᠢᠶ᠎ᠠ + ᠲᠠᠷᠢᠶᠠᠴᠢᠨ ᠡᠷᠦᠬᠡ ᠶᠢᠨ ᠵᠠᠭᠪᠤᠷ ᠢᠶᠠᠷ ᠳᠠᠮᠵᠢᠭᠤᠯᠤᠨ᠂ 100 ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠣᠯᠤᠨ᠎ᠠ᠂ ᠵᠢᠱᠢᠯᠲᠡ ᠪᠠᠷ ᠲᠠᠷᠢᠶᠠᠴᠢᠨ ᠡᠷᠦᠬᠡ ᠶᠢᠨ ᠵᠢᠯ ᠤᠨ ᠶᠡᠷᠦᠩᠬᠡᠶ ᠠᠰᠢᠭ ᠬᠤᠨᠵᠢᠪᠣᠷᠢ ᠮᠢᠩᠭᠠᠨ ᠲᠦᠮᠡᠨ ᠲᠥᠭᠦᠷᠢᠭ ᠢ ᠳᠠᠪᠠᠭ᠋ᠤ ᠪᠣᠯᠤᠨ᠎ᠠ᠃    ᠡᠨᠡ ᠬᠦ ᠵᠣᠷᠢᠯᠭ᠎ᠠ ᠶᠢ ᠬᠡᠷᠡᠭᠵᠢᠭᠦᠯᠬᠦ ᠨᠢ ᠮᠠᠨ ᠤ ᠰᠢᠶᠠᠨ ᠤ ᠬᠠᠷ᠎ᠠ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠲᠦᠷᠭᠡᠨ ᠬᠥᠭᠵᠢᠯᠲᠡ ᠶᠢ ᠳᠠᠶᠢᠴᠢᠯᠠᠬᠤ ᠪᠠᠷ ᠪᠠᠷᠠᠬᠤ ᠦᠭᠡᠢ ᠪᠠᠰᠠ ᠲᠤᠬᠠᠶ ᠶᠢᠨ ᠭᠠᠵᠠᠷ ᠤᠨ ᠲᠠᠷᠢᠶᠠᠴᠢᠳ ᠲᠤ ᠦᠨᠡᠨ ᠪᠣᠳᠠᠲᠠᠶ ᠠᠵᠤ ᠠᠬᠤᠶ ᠶᠢᠨ ᠠᠰᠢᠭ ᠣᠷᠣᠯᠭ᠎ᠠ ᠶᠢ ᠣᠯᠭᠤᠵᠤ᠂ ᠬᠥᠳᠡᠭᠡ ᠲᠣᠰᠬᠤᠨ ᠤ ᠠᠵᠤ ᠠᠬᠤᠶ ᠶᠢᠨ ᠦᠷᠭᠦᠯᠵᠢᠯᠡᠨ ᠨᠡᠮᠡᠭᠳᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠪᠣᠯᠤᠨ᠎ᠠ᠃                                   ᠨᠠᠶᠢᠷᠠᠭᠤᠯᠤᠭᠴᠢ᠄   ᠶᠠᠩ  ᠿᠦᠢ ᠵᠧᠨ                                   ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2