ᠮᠠᠨ ᠤ ᠰᠢᠶᠠᠨ ᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠴᠢᠨᠠᠷ ᠰᠠᠶᠢᠲᠠᠶ ᠬᠥᠭᠵᠢᠭᠦᠯᠬᠦ ᠪᠥᠬᠦ ᠭᠧᠨ ᠤ ᠰᠢᠯᠭᠠᠨ ᠪᠠᠶᠢᠴᠠᠭᠠᠯᠲᠠ ᠪᠠ ᠤᠶᠢᠯᠡᠳᠪᠤᠷᠢᠯᠡᠯ ᠤᠨ ᠴᠢᠳᠠᠮᠵᠢ ᠶᠢ ᠬᠡᠮᠵᠢᠨ ᠲᠣᠭᠲᠠᠭᠠᠬᠤ ᠮᠡᠷᠭᠡᠵᠢᠯ ᠢ ᠳᠡᠯᠭᠡᠷᠡᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/11
   ᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠮᠠᠨ ᠤ ᠰᠢᠶᠠᠨ ᠤ ᠰᠦ ᠶᠢᠨ ᠦᠢᠯᠡᠰ ᠤᠨ ᠰᠡᠷᠭᠦᠨ ᠮᠠᠨᠳᠤᠯᠲᠠ ᠪᠠ ᠪᠤᠵᠠᠭᠠᠶᠢᠷᠠᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 10 ᠤ ᠡᠳᠦᠷ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠥᠬᠦ ᠰᠢᠶᠠᠨ ᠤ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠰᠠᠭᠠᠯᠢ ᠶᠢᠨ ᠦᠨᠢᠶ᠎ᠡ ᠶᠢᠨ ᠪᠥᠬᠦ ᠭᠧᠨ ᠢ ᠪᠠᠶᠢᠴᠠᠭᠠᠨ ᠰᠢᠯᠭᠠᠬᠤ ᠪᠠ ᠦᠢᠯᠡᠳᠪᠦᠷᠢᠯᠡᠯ ᠤᠨ ᠴᠢᠳᠠᠮᠵᠢ ᠶᠢ ᠬᠡᠮᠵᠢᠨ ᠲᠣᠭᠲᠠᠭᠠᠬᠤ ᠮᠡᠷᠭᠡᠵᠢᠯ ᠢ ᠲᠤᠰᠬᠠᠶ ᠰᠡᠳᠦᠪ ᠢᠶᠠᠷ ᠳᠡᠯᠭᠡᠷᠡᠭᠦᠯᠪᠡ᠃ ᠪᠥᠬᠦ ᠰᠢᠶᠠᠨ ᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠠᠷᠢᠭᠤᠴᠠᠯᠭᠠᠲᠠᠨ ᠪᠠ ᠦᠷᠡᠵᠢᠭᠦᠯᠦᠨ ᠪᠤᠶᠢᠵᠢᠭᠤᠯᠬᠤ ᠶᠢ ᠭᠤᠤᠯᠴᠢᠯᠠᠨ ᠬᠠᠮᠢᠶᠠᠷᠴᠤ᠂ ᠮᠠᠯ ᠠᠵᠤ ᠠᠬᠤᠶ ᠶᠢᠨ ᠠᠵᠢᠯ ᠤᠨ ᠥᠷᠲᠡᠭᠡ ᠶᠢᠨ ᠬᠠᠮᠢᠶ᠎ᠠ ᠪᠥᠬᠦᠶ ᠮᠡᠷᠭᠡᠵᠢᠯ ᠤᠨ ᠠᠵᠢᠯᠲᠠᠨ ᠲᠣᠰ ᠤᠳᠠᠭᠠᠨ ᠤ ᠬᠤᠷᠠᠯ ᠳᠤ ᠣᠷᠣᠯᠴᠠᠪᠠ᠃
        ᠬᠤᠷᠠᠯ ᠳᠡᠭᠡᠷ᠎ᠡ᠂ ᠥᠪᠥᠷ ᠮᠣᠩᠭᠤᠯ ᠤᠨ ᠰᠠᠢ ᠺᠧ ᠰᠢᠩ ᠬᠢᠵᠠᠭᠠᠷᠲᠤ ᠺᠣᠮᠫᠠᠨᠢ ᠶᠢᠨ ᠵᠠᠩ ᠲᠢᠶᠧ ᠵᠦ ᠫᠷᠤᠹᠧᠰᠰᠤᠷ ︽ᠰᠠᠭᠠᠯᠢ ᠶᠢᠨ ᠦᠨᠢᠶ᠎ᠡ ᠶᠢᠨ ᠤᠳᠤᠮᠰᠢᠯ ᠢ ᠰᠠᠶᠢᠵᠢᠷᠠᠭᠤᠯᠬᠤ ᠮᠡᠷᠭᠡᠵᠢᠯ ᠤᠨ ᠬᠡᠷᠡᠭᠯᠡᠯᠲᠡ︾ ᠭᠡᠬᠦ ᠰᠡᠳᠦᠪ ᠢᠶᠠᠷ ᠭᠤᠶᠢᠳᠠ ᠰᠠᠶᠢᠬᠠᠨ ᠬᠢᠴᠢᠶᠡᠯ ᠣᠷᠣᠵᠤ᠂ ᠪᠦᠬᠦ ᠭᠧᠨ ᠤ ᠰᠢᠯᠭᠠᠨ ᠪᠠᠶᠢᠴᠠᠭᠠᠯᠲᠠ ᠪᠠ ᠦᠢᠯᠡᠳᠪᠦᠷᠢᠯᠡᠯ ᠤᠨ ᠴᠢᠳᠠᠪᠬᠢ ᠶᠢ ᠰᠢᠯᠭᠠᠨ ᠲᠣᠭᠲᠠᠭᠠᠬᠤ ᠮᠡᠷᠭᠡᠵᠢᠯ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠤᠮᠳᠠᠬᠢ ᠴᠢᠬᠤᠯᠠ ᠴᠢᠨᠠᠷ ᠪᠠ ᠪᠣᠳᠠᠲᠠᠢ ᠬᠡᠷᠡᠭᠯᠡᠭᠡᠨ ᠤ ᠦᠷᠳᠡᠭ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠡᠲᠡᠭᠡᠷ ᠮᠡᠷᠭᠡᠵᠢᠯ ᠤᠨ ᠬᠡᠷᠡᠭᠯᠡᠯᠲᠡ ᠨᠢ ᠲᠡᠵᠢᠭᠡᠨ ᠦᠷᠡᠵᠢᠭᠦᠯᠬᠦ ᠡᠷᠦᠬᠡ ᠳᠤ ᠰᠠᠭᠠᠯᠢ ᠶᠢᠨ ᠦᠨᠢᠶᠡᠨ ᠤ ᠤᠳᠤᠮᠰᠢᠯ ᠤᠨ ᠣᠨᠴᠠᠯᠢᠭ ᠵᠢᠴᠢ ᠦᠢᠯᠡᠳᠪᠦᠷᠢᠯᠡᠯ ᠤᠨ ᠳᠠᠯᠳᠠ ᠬᠦᠴᠦᠨ ᠢ ᠭᠦᠨᠵᠡᠭᠡᠶ ᠣᠶᠢᠯᠠᠭᠠᠬᠤ ᠳᠤ ᠠᠰᠢᠭᠲᠠᠶ ᠪᠠᠶᠢᠵᠤ᠂ ᠨᠠᠩ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠠᠷᠭ᠎ᠠ ᠪᠣᠳᠣᠯᠭ᠎ᠠ ᠶᠢ ᠲᠣᠭᠲᠠᠭᠠᠵᠤ᠂ ᠰᠠᠭᠠᠯᠢ ᠶᠢᠨ ᠦᠨᠢᠶᠡᠨ ᠤ ᠰᠦ ᠭᠠᠷᠭᠠᠬᠤ ᠴᠢᠳᠠᠪᠤᠷᠢ᠂ ᠴᠠᠭᠠᠨ ᠢᠳᠡᠭᠡᠨ ᠤ ᠶᠠᠰᠤ ᠴᠢᠨᠠᠷ ᠪᠠ ᠡᠷᠡᠭᠦᠯ ᠮᠡᠨᠳᠦ ᠶᠢᠨ ᠪᠠᠶᠢᠳᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠠᠰᠢᠭᠲᠠᠶ ᠶᠤᠮ᠃ ᠡᠨᠡ ᠨᠢ ᠮᠠᠨ ᠤ ᠰᠢᠶᠠᠨ ᠤ ᠰᠦ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠳᠤ ᠰᠢᠭᠤᠳ ᠨᠥᠯᠥᠭᠡ ᠲᠠᠢ ᠪᠠᠶᠢᠬᠤ ᠪᠠᠷ ᠪᠠᠷᠠᠬᠤ ᠥᠬᠡᠶ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠴᠦ ᠴᠢᠬᠤᠯᠠ ᠠᠴᠢ ᠬᠤᠯᠪᠣᠭᠳᠠᠯ ᠲᠠᠢ ᠶᠤᠮ᠃
   ᠬᠤᠷᠠᠯ ᠲᠡᠭᠦᠰᠦᠭᠰᠡᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠮᠠᠯᠵᠢᠯ ᠤᠨ ᠲᠠᠯᠠᠪᠠᠶ ᠶᠢᠨ ᠬᠠᠷᠢᠭᠤᠴᠠᠯᠭᠠᠲᠠᠨ ᠪᠠᠰᠠ ᠬᠠᠶ ᠭᠤᠤ ᠮᠠᠯᠵᠢᠯ ᠤᠨ ᠲᠠᠯᠠᠪᠠᠶ ᠶᠢ ᠲᠣᠭᠤᠷᠢᠨ ᠦᠵᠡᠵᠦ᠂ ᠣᠳᠣᠬᠢᠴᠢᠯᠠᠭᠰᠠᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠠᠮᠢᠶᠠᠷᠤᠯᠲᠠ ᠪᠠ ᠦᠢᠯᠡᠳᠪᠦᠷᠢᠯᠡᠯ ᠤᠨ ᠴᠢᠳᠠᠮᠵᠢ ᠶᠢ ᠬᠡᠮᠵᠢᠨ ᠲᠣᠭᠲᠠᠭᠠᠬᠤ ᠮᠡᠷᠭᠡᠵᠢᠯ ᠤᠨ ᠪᠣᠳᠠᠲᠠᠶ ᠬᠡᠷᠡᠭᠯᠡᠯᠲᠡ ᠶᠢ ᠪᠡᠶ᠎ᠡ ᠪᠠᠷ ᠢᠶᠠᠨ ᠣᠶᠢᠯᠠᠭᠠᠵᠤ᠂ ᠬᠤᠶᠢᠰᠢᠳᠠ ᠶᠢᠨ ᠮᠠᠯᠵᠢᠯ ᠤᠨ ᠲᠠᠯᠠᠪᠠᠶ ᠶᠢᠨ ᠬᠥᠭᠵᠢᠯᠲᠡ ᠪᠠ ᠬᠠᠮᠢᠶᠠᠷᠤᠯᠲᠠ ᠳᠤ ᠡᠷᠬᠢᠮ ᠨᠠᠨᠳᠢᠨ ᠯᠠᠪᠯᠠᠯᠲᠠ ᠪᠣᠯᠭᠠᠬᠤ ᠪᠠ ᠰᠤᠷᠤᠯᠴᠠᠬᠤ ᠲᠣᠬᠢᠶᠠᠯ ᠬᠠᠩᠭᠠᠭᠰᠠᠨ ᠪᠠᠶᠢᠨ᠎ᠠ᠃                                        ᠨᠠᠶᠢᠷᠠᠭᠤᠯᠤᠭᠴᠢ᠄   ᠶᠠᠩ  ᠿᠦᠢ ᠵᠧᠨ                                        ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2