ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ᠄ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠬᠠᠪᠤᠷ ᠤᠨ ᠲᠠᠷᠢᠶᠠᠯᠠᠭ᠎ᠠ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/4/15
   ᠬᠠᠪᠤᠷ ᠤᠨ ᠲᠠᠷᠢᠶᠠᠯᠠᠭ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠯᠵᠢᠭᠦᠯᠦᠨ ᠨᠥᠭᠡᠴᠡᠯᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠬᠢᠮᠢ ᠶᠢᠨ ᠪᠤᠷᠳᠤᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠰᠢᠯᠢᠳᠡᠭ᠂ ᠦᠨ᠎ᠡ ᠬᠠᠩᠰᠢ ᠲᠣᠭᠲᠠᠭᠤᠨ᠂ ᠭᠦᠢᠴᠡᠳ ᠪᠠᠶᠢᠬᠤ ᠶᠢ ᠪᠠᠲᠤᠯᠠᠵᠤ᠂ ᠲᠠᠷᠢᠶᠠᠴᠢᠨ ᠡᠷᠦᠬᠡ ᠳᠤ ︽ᠰᠡᠳᠬᠢᠯ ᠢ ᠠᠮᠤᠷᠵᠢᠭᠤᠯᠬᠤ︾ ᠶᠢ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠳᠤ ᠬᠦᠴᠦᠲᠡᠢ ᠪᠠᠲᠤᠯᠠᠭ᠎ᠠ ᠬᠠᠩᠭᠠᠪᠠ᠃    ᠰᠢᠶᠠᠨ ᠤ ᠬᠡᠪᠴᠢᠶᠡᠨ ᠤ ᠡᠯ᠎ᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠵᠢᠴᠢ ᠲᠣᠤᠷ ᠴᠡᠭ ᠲᠤ᠂ ᠡᠯ᠎ᠡ ᠵᠦᠶ᠋ᠯ ᠤᠨ ᠪᠣᠷᠲᠣᠭᠤᠷ ᠢ ᠰᠠᠩ ᠬᠥᠮᠥᠷᠭᠡ ᠶᠢᠨ ᠳᠣᠲᠣᠷ᠎ᠠ ᠨᠣᠮᠧᠷ ᠢᠶᠠᠷ ᠲᠡᠷᠢ ᠲᠡᠭᠰᠢ ᠲᠠᠯᠪᠢᠵᠤ᠂ ᠲᠥᠷᠥᠯ ᠵᠦᠶ᠋ᠯ ᠨᠢ ᠪᠦᠷᠢᠨ ᠭᠦᠶ᠋ᠴᠡᠳ ᠪᠠᠶᠢᠵᠤ᠂ ᠪᠣᠷᠣᠯᠠᠭᠤᠯᠬᠤ ᠠᠵᠤ ᠠᠬᠤᠶᠢᠯᠠᠯ ᠤᠨ ᠠᠵᠢᠯᠲᠠᠳ ᠲᠣᠮᠣ ᠡᠷᠦᠬᠡ ᠳᠤ ᠲᠡᠷᠭᠡ ᠲᠡᠭᠡᠭᠡᠵᠦ ᠪᠣᠷᠳᠣᠭᠤᠷ ᠲᠡᠭᠡᠭᠡᠪᠦᠷᠢᠯᠡᠨ ᠥᠭᠴᠦ ᠶᠠᠭᠠᠷᠠᠯᠳᠤᠵᠤ ᠪᠠᠶᠢᠨ᠎ᠠ᠃ ᠱᠧᠨ ᠨᠦᠩ ᠬᠤᠭᠤᠴᠠᠭᠠᠨ ᠤ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠨ ᠪᠣᠷᠣᠯᠠᠭᠤᠯᠬᠤ ᠭᠠᠵᠠᠷ ᠲᠤ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠭᠧ ᠫᠸᠢ ᠴᠢᠩ ᠬᠢᠮᠢ ᠶᠢᠨ ᠪᠤᠷᠳᠤᠭᠤᠷ ᠬᠤᠳᠠᠯᠳᠤᠨ ᠠᠪᠬᠤ ᠪᠠᠷ ᠢᠷᠡᠭᠰᠡᠨ ᠲᠠᠷᠢᠮᠠᠯ ᠤᠨ ᠡᠷᠦᠬᠡ ᠳᠤ ᠪᠦᠲᠦᠭᠡᠭᠳᠡᠬᠦᠨ ᠢᠶᠠᠨ ᠲᠠᠨᠢᠯᠴᠠᠭᠤᠯᠵᠤ ᠪᠠᠶᠢᠯ᠎ᠠ᠃ ︽ᠤᠴᠢᠷ ᠨᠢ ᠠᠩᠬ᠎ᠠ ᠤᠳᠠᠭ᠎ᠠ ᠬᠢᠮᠢ ᠶᠢᠨ ᠪᠤᠷᠳᠤᠭᠤᠷ ᠢ ᠡᠵᠡᠩᠨᠡᠨ ᠪᠣᠷᠣᠯᠠᠭᠤᠯᠵᠤ᠂ ᠡᠯ᠎ᠡ ᠭᠤᠭᠴᠤᠭ᠎ᠠ ᠶᠢ ᠴᠥᠮ ᠥᠪᠡᠷ ᠤᠨ ᠪᠡᠶ᠎ᠡ ᠪᠠᠷ ᠢᠶᠠᠨ ᠬᠢᠵᠦ᠂ ᠬᠢᠮᠢ ᠶᠢᠨ ᠪᠤᠷᠳᠤᠭᠤᠷ ᠢ ᠴᠠᠭ ᠲᠤᠬᠠᠢ ᠳᠤᠨᠢ ᠠᠮᠤᠷ ᠲᠦᠪᠰᠢᠨ ᠢᠶᠠᠷ ᠲᠠᠷᠢᠮᠠᠯ ᠤᠨ ᠡᠷᠦᠬᠡ ᠳᠤ ᠬᠦᠷᠭᠡᠬᠦ ᠶᠢ ᠪᠠᠲᠤᠯᠠᠬᠤ ᠬᠡᠷᠡᠭᠲᠡᠢ︾ ᠭᠡᠪᠡ᠃    ᠯᠢᠶᠠᠩᠴᠧᠩ ᠰᠢᠶᠠᠨ ᠤ ᠬᠠᠩᠭᠠᠨ ᠪᠤᠷᠤᠯᠠᠭᠤᠯᠬᠤ ᠬᠤᠷᠰᠢᠶᠠᠨ ᠤ ᠭᠦᠸᠧ ᠰᠢᠶᠠᠨ ᠶᠣᠣ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶᠠᠨ ᠤ ᠬᠦᠮᠦᠷᠭᠡ ᠳᠤ᠂ ᠡᠯ᠎ᠡ ᠵᠦᠢᠯ ᠤᠨ ᠬᠢᠮᠢ ᠶᠢᠨ ᠪᠤᠷᠳᠤᠭᠤᠷ᠂ ᠲᠠᠷᠢᠶᠠᠯᠠᠩ ᠤᠨ ᠪᠦᠷᠬᠦᠪᠴᠢ ᠪᠠ ᠳᠤᠰᠤᠯᠭᠠᠨ ᠭᠤᠤᠷᠰᠤ ᠨᠢ ᠪᠦᠷᠢᠨ ᠭᠦᠢᠴᠡᠳ ᠪᠠᠶᠢᠳᠠᠭ᠃ ᠬᠠᠷᠢᠭᠤᠴᠠᠯᠭᠠᠲᠠᠨ ᠵᠢᠶᠠ ᠿᠢ ᠱᠧᠩ᠄ ︽2023 ᠣᠨ ᠤ ᠵᠢᠯ ᠤᠨ ᠰᠡᠭᠦᠯᠴᠢ ᠠᠴᠠ ᠡᠮᠦᠨ᠎ᠡ ᠬᠢᠮᠢ ᠶᠢᠨ ᠪᠣᠷᠲᠣᠭᠤᠷ ᠤᠨ ᠦᠨ᠎ᠡ ᠪᠠᠭ᠎ᠠ ᠯᠠ ᠲᠣᠭᠲᠠᠭᠤᠨ ᠪᠠᠶᠢᠬᠤ ᠡᠰᠡᠬᠦ᠂ ᠣᠶᠢᠷ᠎ᠠ ᠶᠢᠨ ᠬᠡᠳᠦᠨ ᠰᠠᠷ᠎ᠠ ᠳᠤ ᠬᠢᠮᠢ ᠶᠢᠨ ᠪᠣᠷᠲᠣᠭᠤᠷ ᠤᠨ ᠬᠠᠩᠭᠠᠯᠭ᠎ᠠ ᠶᠢᠨ ᠦᠨ᠎ᠡ ᠲᠣᠭᠲᠠᠭᠤᠨ᠂ ᠭᠦᠢᠴᠡᠳ ᠪᠠᠶᠢᠨ᠎ᠠ᠂ ᠪᠢᠳᠡ ᠨᠢᠭᠡᠨᠲᠡ ᠬᠡᠷᠡᠭᠴᠡᠭᠡ ᠶᠢᠨ ᠬᠡᠮᠵᠢᠶ᠎ᠡ ᠶᠢᠨ 85% ᠠᠴᠠ ᠳᠡᠭᠡᠭᠰᠢᠬᠢ ᠶᠢ ᠨᠥᠭᠡᠴᠡᠯᠡᠵᠦ ᠪᠠᠶᠢᠨ᠎ᠠ︾ ᠭᠡᠵᠦ ᠬᠡᠯᠡᠪᠡ᠃    ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠳᠡᠳ᠋ ᠡᠷᠬᠢᠯᠡᠭᠴᠢ ᠯᠢᠦ ᠷᠦᠢ ᠯᠢ ᠲᠠᠨᠢᠯᠴᠠᠭᠤᠯᠬᠤ ᠳᠠᠭᠠᠨ᠄ ︽ᠬᠠᠪᠤᠷ ᠤᠨ ᠲᠠᠷᠢᠶᠠᠯᠠᠭ᠎ᠠ ᠶᠢᠨ ᠬᠢᠮᠢ ᠶᠢᠨ ᠪᠣᠷᠳᠣᠭᠤᠷ ᠤᠨ ᠬᠠᠩᠭᠠᠯᠭ᠎ᠠ ᠶᠢ ᠭᠦᠢᠴᠡᠳ ᠪᠠᠲᠤᠯᠠᠬᠤ ᠶᠢᠨ ᠲᠥᠯᠥᠭᠡ᠂ ᠡᠨᠡ ᠵᠢᠯ ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠪᠠᠰᠠ ᠬᠢᠮᠢ ᠶᠢᠨ ᠪᠣᠷᠳᠣᠭᠤᠷ ᠡᠵᠡᠩᠨᠡᠨ ᠪᠣᠷᠣᠯᠠᠭᠤᠯᠬᠤ 3 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠬᠢᠮᠢ ᠶᠢᠨ ᠪᠣᠷᠳᠣᠭᠤᠷ ᠡᠵᠡᠩᠨᠡᠨ ᠪᠣᠷᠣᠯᠠᠭᠤᠯᠬᠤ ᠲᠣᠣᠷ ᠴᠡᠭ ᠢ 18 ᠪᠣᠯᠭᠠᠵᠤ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ ᠶᠢ ᠬᠠᠮᠤᠷᠴᠤ᠂ ᠡᠯ᠎ᠡ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠴᠥᠮ ᠨᠡᠷᠡᠲᠦ ᠲᠣᠮᠣ ᠬᠡᠯᠪᠡᠷᠢ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠠᠴᠠ ᠪᠠᠷᠠᠭ᠎ᠠ ᠣᠷᠣᠭᠤᠯᠵᠤ᠂ ᠲᠠᠷᠢᠶᠠᠴᠢᠨ ᠡᠷᠦᠬᠡ ᠶᠢᠨ ᠴᠢᠨᠠᠷ ᠰᠠᠶᠢᠲᠠᠶ ᠦᠨ᠎ᠡ ᠬᠢᠮᠳᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠠᠸᠠᠷ ᠬᠤᠳᠠᠯᠳᠤᠨ ᠠᠪᠬᠤ ᠶᠢ ᠦᠨᠡᠨ ᠬᠦ ᠪᠠᠲᠤᠯᠠᠨ᠎ᠠ ᠭᠡᠪᠡ᠃ ᠣᠲᠣ ᠪᠣᠯᠲᠠᠯ᠎ᠠ᠂ ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠨᠢᠭᠡᠨᠲᠡ 3200 ᠭᠠᠷᠤᠶ ᠲᠣᠨ ᠬᠢᠮᠢ ᠶᠢᠨ ᠪᠣᠷᠲᠣᠭᠤᠷ ᠢ ᠨᠥᠭᠡᠴᠡᠯᠡᠵᠦ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠬᠢᠮᠢ ᠶᠢᠨ ᠪᠣᠷᠲᠣᠭᠤᠷ ᠤᠨ ᠬᠠᠩᠭᠠᠯᠭ᠎ᠠ ᠭᠦᠢᠴᠡᠳ᠂ ᠶᠠᠰᠤ ᠴᠢᠨᠠᠷ ᠪᠠᠲᠤᠯᠠᠭ᠎ᠠ ᠲᠠᠢ ᠪᠠᠶᠢᠬᠤ ᠶᠢ ᠦᠨᠡᠨ ᠬᠦ ᠪᠠᠲᠤᠯᠠᠪᠠ︾ ᠭᠡᠪᠡ  ᠃                                                ᠨᠠᠶᠢᠷᠠᠭᠤᠯᠤᠭᠴᠢ᠄   ᠶᠠᠩ  ᠿᠦᠢ ᠵᠧᠨ                                                ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2