ᠮᠠᠨ ᠤ ᠰᠢᠶᠠᠨ 2024 ᠣᠨ ᠤ ᠰᠤᠷᠭᠠᠨ ᠬᠥᠮᠦᠵᠢᠯ ᠤᠨ ᠠᠵᠢᠯ ᠵᠢᠴᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/15
  4 ᠰᠠᠷ᠎ᠠ ᠶᠢᠨ 11 ᠤ ᠡᠳᠦᠷ᠂ ᠮᠠᠨ ᠤ ᠰᠢᠶᠠᠨ 2024 ᠣᠨ ᠤ ᠰᠤᠷᠭᠠᠨ ᠬᠥᠮᠦᠵᠢᠯ ᠤᠨ ᠠᠵᠢᠯ ᠵᠢᠴᠢ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠹᠧᠩ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠪᠠ ᠳᠠᠪᠠᠵᠤ ᠭᠠᠷᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠤᠨ ᠡᠮᠦᠨ᠎ᠡ᠂ ᠶᠠᠰᠤ ᠴᠢᠨᠠᠷ ᠢ ᠳᠡᠭᠡᠭᠰᠢᠯᠡᠭᠦᠯᠬᠦ᠂ ᠠᠭᠤᠯᠤᠭᠳᠠᠬᠤᠨ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ᠬᠠᠮᠤᠭ ᠤᠨ ᠶᠡᠭᠡ ᠴᠢᠷᠮᠠᠶᠢᠯᠭ᠎ᠠ ᠪᠠᠷ ᠬᠠᠲᠠᠭᠤ ᠬᠡᠷᠡᠭᠰᠡᠯ ᠤᠨ ᠲᠣᠬᠢᠷᠠᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠰᠤᠷᠭᠠᠭᠤᠯᠢ ᠡᠷᠬᠢᠯᠡᠬᠦ ᠳᠤ ᠪᠠᠲᠤ ᠴᠢᠩᠭ᠎ᠠ ᠪᠣᠳᠠᠰ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠭᠯᠡᠯ ᠢ ᠪᠠᠲᠤᠯᠠᠬᠤ᠂ ᠰᠤᠷᠭᠠᠭᠤᠯᠢ ᠶᠢᠨ ᠬᠥᠭᠵᠢᠯᠲᠡ ᠶᠢ ᠠᠬᠢᠭᠤᠯᠬᠤ᠂ ᠰᠤᠷᠭᠠᠭᠤᠯᠢ ᠶᠢᠨ ᠰᠣᠶᠣᠯ ᠢ ᠬᠥᠲᠥᠯᠥᠨ ᠳᠠᠭᠠᠭᠤᠯᠬᠤ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠡᠷᠬᠢᠯᠡᠬᠦ ᠵᠥᠪ ᠴᠢᠭᠯᠡᠯ ᠢ ᠦᠨᠡᠨᠬᠦ ᠪᠠᠲᠤᠯᠠᠬᠤ ᠬᠡᠷᠡᠭᠲᠡᠶ᠃    ᠬᠤᠷᠠᠯ ᠠᠴᠠ ᠪᠠᠰᠠ 2024 ᠣᠨ ᠤ ᠪᠦᠬᠦ ᠰᠢᠶᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠪᠣᠯᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃                                                    ᠨᠠᠶᠢᠷᠠᠭᠤᠯᠤᠭᠴᠢ᠄   ᠶᠠᠩ  ᠿᠦᠢ ᠵᠧᠨ                                                    ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2