ᠵᠧᠩ ᠳ᠋ᠦᠩ ᠫᠢᠩ ᠶᠦᠩ ᠰᠢᠩ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/16
   4 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠶᠦᠩ ᠰᠢᠩ ᠪᠠᠯᠭᠠᠰᠤᠨ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠠᠵᠤ ᠦᠢᠯᠡᠰ ᠤᠨ ᠬᠥᠭᠵᠢᠯᠲᠡ ᠪᠠ ᠨᠦᠯᠦᠮᠡᠯ ᠭᠠᠵᠠᠷ ᠤᠨ ᠬᠠᠰᠢᠯᠭ᠎ᠠ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃    ᠶᠦᠩ ᠰᠢᠩ ᠪᠠᠯᠭᠠᠰᠤᠨ ᠤ ᠱᠢ ᠽᠦᠢ ᠲᠣᠰᠬᠤᠨ ᠳᠤ᠂ ᠵᠧᠩ ᠳ᠋ᠦᠩ ᠫᠢᠩ ᠰᠢᠶᠠᠩ᠂ ᠲᠣᠰᠬᠤᠨ ᠤ ᠺᠠᠳ᠋ᠷ ᠵᠢᠴᠢ ᠲᠠᠷᠢᠶᠠᠴᠢᠨ ᠡᠷᠦᠬᠡ ᠲᠠᠢ ᠭᠦᠨᠵᠡᠭᠡᠢ ᠶᠠᠷᠢᠯᠴᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠵᠢᠴᠢ ᠣᠳᠣᠬᠠᠨ ᠤ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠣᠳᠣᠬᠠᠨ ᠤ ᠭᠤᠣᠯᠳᠠᠯᠭ᠎ᠠ ᠲᠠᠢ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠵᠢᠯᠣᠭᠤᠳᠬᠤ ᠴᠢᠨᠠᠷᠲᠠᠢ ᠰᠠᠨᠠᠯ ᠳᠤᠷᠠᠳᠴᠠᠢ᠃ ᠵᠧᠩ ᠳ᠋ᠦᠩ ᠫᠢᠩ᠂ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠮᠥᠨ᠂ ᠲᠠᠷᠢᠶᠠᠴᠢᠳ ᠤᠨ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠬᠠᠩᠭᠠᠯᠭ᠎ᠠ ᠬᠡᠷᠡᠭᠴᠡᠭᠡ ᠶᠢᠨ ᠲᠤᠬᠢᠷᠠᠭᠤᠯᠤᠯᠳᠠ ᠪᠣᠯᠤᠨ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠭᠦᠢᠴᠡᠳ᠂ ᠶᠠᠰᠤ ᠴᠢᠨᠠᠷ ᠨᠠᠶᠢᠳᠠᠪᠤᠷᠢᠲᠠᠢ ᠪᠠᠶᠢᠬᠤ ᠶᠢ ᠪᠠᠲᠤᠯᠠᠵᠤ᠂ ᠲᠠᠷᠢᠶᠠᠴᠢᠳ ᠤᠨ ᠠᠰᠢᠭ ᠲᠤᠰᠠ ᠶᠢ ᠦᠨᠡᠨ ᠬᠦ ᠪᠠᠲᠤᠯᠠᠬᠤ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠣᠳᠣᠯᠬᠢᠯᠠᠵᠤ᠂ ᠲᠡᠵᠢᠭᠡᠨ ᠦᠷᠡᠵᠢᠭᠦᠯᠬᠦ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠵᠠᠰᠠᠭ ᠤᠨ ᠣᠷᠳᠣᠨ ᠠᠴᠠ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠭᠤᠣᠯᠯᠠᠭᠤᠯᠬᠤ᠂ ᠤᠯᠠᠨ ᠲᠦᠮᠡᠨ ᠣᠷᠣᠯᠴᠠᠬᠤ ᠠᠷᠭ᠎ᠠ ᠬᠡᠯᠪᠡᠷᠢ ᠪᠠᠷ ᠲᠡᠵᠢᠭᠡᠨ ᠦᠷᠡᠵᠢᠭᠦᠯᠬᠦ ᠦᠢᠯᠡᠰ ᠢ ᠤᠨᠴᠠᠯᠢᠬᠳᠤ ᠳᠠᠪᠠᠭᠤᠯᠢᠭ ᠠᠵᠤ ᠦᠢᠯᠡᠰ ᠪᠣᠯᠭᠠᠵᠤ᠂ ᠤᠯᠠᠨ ᠲᠦᠮᠡᠨ ᠪᠣᠯᠤᠨ ᠬᠠᠮᠲᠤ ᠶᠢᠨ ᠠᠵᠤ ᠠᠬᠤᠢ ᠶᠢᠨ ᠬᠤᠣᠰ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃    ᠶᠦᠩ ᠰᠢᠩ ᠪᠠᠯᠭᠠᠰᠤᠨ ᠤ ᠵᠠᠩ ᠰᠧ ᠶᠣᠣ ᠶᠢᠨ ᠨᠦᠯᠦᠮᠡᠯ ᠭᠠᠵᠠᠷ ᠤᠨ ᠬᠠᠰᠢᠯᠭ᠎ᠠ ᠪᠣᠯᠤᠨ ᠶᠦᠩ ᠰᠢᠩ ᠤᠰᠤᠨ ᠴᠥᠭᠦᠷᠥᠮ ᠳᠤ᠂ ᠵᠧᠩ ᠳ᠋ᠦᠩ ᠫᠢᠩ ᠨᠦᠯᠦᠮᠡᠯ ᠭᠠᠵᠠᠷ ᠤᠨ ᠬᠠᠰᠢᠯᠭ᠎ᠠ ᠶᠢᠨ ᠦᠨᠳᠦᠰᠦᠨ ᠪᠠᠶᠢᠳᠠᠯ ᠵᠢᠴᠢ ᠤᠰᠤᠨ ᠴᠥᠭᠦᠷᠥᠮ ᠤᠨ ᠬᠠᠮᠢᠶᠠᠷᠤᠯᠲᠠ ᠶᠢᠨ ᠠᠵᠢᠯ ᠢ ᠨᠠᠷᠢᠨ ᠠᠰᠠᠭᠤᠪᠠ᠃ ᠲᠡᠷᠡ᠂ ᠤᠰᠤᠨ ᠴᠥᠭᠦᠷᠥᠮ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠴᠢ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯ ᠤᠨ ᠲᠥᠰᠦᠯ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠤᠰᠤᠨ ᠴᠥᠭᠦᠷᠥᠮ ᠤᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠪᠠᠷ ᠠᠷᠠᠳ ᠣᠯᠠᠨ ᠳᠤ ᠨᠠᠩ ᠰᠠᠶᠢᠨ ᠪᠤᠶᠠᠨ ᠦᠢᠯᠡᠳᠬᠦᠯᠬᠦ ᠬᠡᠷᠡᠭᠲᠡᠶ ᠭᠡᠵᠦ ᠬᠡᠯᠡᠪᠡ᠃    ᠰᠢᠶᠠᠨ ᠤ ᠳᠡᠳ᠋ ᠳᠠᠷᠤᠭ᠎ᠠ ᠹᠧᠩ ᠵᠢᠶᠦ᠋ᠨ᠂ ᠶᠦᠩ ᠰᠢᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃                                                ᠨᠠᠶᠢᠷᠠᠭᠤᠯᠤᠭᠴᠢ᠄   ᠶᠠᠩ  ᠿᠦᠢ ᠵᠧᠨ                                                ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2