ᠵᠧᠩ ᠳ᠋ᠦᠩ ᠫᠢᠩ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/16
   4 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃ ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠪᠠᠢ ᠯᠢ ᠵᠢᠶᠦ᠋ᠨ ᠬᠤᠷᠠᠯ ᠳᠤ ᠣᠷᠣᠯᠴᠠᠪᠠ᠃    ᠵᠧᠩ ᠳ᠋ᠦᠩ ᠫᠢᠩ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠂ ᠤᠯᠠᠨ ᠲᠦᠮᠡᠨ ᠤ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ ᠬᠤᠳᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠴᠠᠭ ᠢ ᠠᠮᠵᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠠᠩᠬᠠᠷᠴᠤ᠂ ᠲᠦᠷᠦᠯ ᠵᠦᠢᠯ ᠤᠨ ᠬᠠᠮᠢᠶ᠎ᠠ ᠪᠦᠬᠦᠢ ᠭᠠᠷᠳᠠᠮ ᠢ ᠲᠡᠭᠦᠯᠳᠡᠷᠵᠢᠭᠦᠯᠵᠦ᠂ ᠬᠡᠷᠡᠭᠵᠢᠭᠦᠯᠬᠦ ᠲᠥᠰᠦᠯ ᠢᠶᠠᠨ ᠨᠠᠷᠢᠯᠢᠬᠵᠢᠭᠤᠯᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠴᠠᠭ ᠲᠤᠬᠠᠢ ᠳᠤᠨᠢ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠬᠤ ᠬᠡᠷᠡᠭᠲᠡᠢ᠃ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠢᠨᠵᠧᠨᠧᠷᠢᠩ ᠤᠨ ᠶᠠᠰᠤ ᠴᠢᠨᠠᠷ ᠪᠣᠯᠤᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨᠴᠢ ᠪᠠᠷ ᠵᠢᠷᠤᠮᠵᠢᠯ ᠲᠠᠢ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠦᠨᠡᠨᠬᠦ ᠰᠡᠳᠬᠢᠯ ᠳᠤᠯᠠᠭᠠᠴᠠᠭᠤᠯᠬᠤ ᠢᠨᠵᠧᠨᠧᠷᠢᠩ ᠪᠣᠯᠭᠠᠬᠤ ᠬᠡᠷᠡᠭᠲᠡᠢ᠃    ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                         ᠨᠠᠶᠢᠷᠠᠭᠤᠯᠤᠭᠴᠢ᠄  ᠯᠢ ᠬᠤᠩ ᠢᠦᠢ                                           ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2