ᠮᠠᠨ ᠤ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/16
  ᠥᠷᠭᠡᠨ ᠤᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠰᠢᠶᠠᠨ ᠤ ᠤᠯᠤᠰ ᠤᠨ ᠠᠮᠤᠷ ᠲᠦᠪᠰᠢᠨ ᠤ ᠠᠯᠪᠠᠨ ᠭᠡᠷ ᠤᠨ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠨᠢᠭᠤᠴᠠ ᠶᠢ ᠬᠠᠮᠠᠭᠠᠯᠠᠬᠤ ᠴᠢᠬᠤᠯᠠ ᠲᠣᠪᠴᠢᠶ᠎ᠠ᠂ ᠡᠪᠯᠡᠯ ᠤᠨ ᠰᠢᠶᠠᠨ ᠤ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ · ᠰᠢᠨ᠎ᠡ ᠶᠢ ᠡᠭᠦᠳᠬᠦ ᠪᠠᠷ ᠠᠷᠪᠠᠨ ᠵᠢᠯ ᠤᠨ ᠤᠢ ᠶᠢ ᠬᠦᠳᠦᠯᠦᠨ ᠳᠠᠭᠠᠭᠤᠯᠬᠤ︾ ᠪᠠᠷ ᠭᠤᠣᠯ ᠰᠡᠳᠦᠪ ᠪᠣᠯᠭᠠᠭᠰᠠᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃
        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠰᠠᠯᠠᠭ᠎ᠠ ᠮᠥᠴᠢᠷ ᠤᠨ ᠠᠵᠢᠯᠲᠠᠳ ᠭᠤᠣᠯ ᠰᠡᠳᠦᠪᠲᠦ ᠦᠵᠡᠭᠦᠯᠦᠯᠭᠡ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠠᠢ ᠳᠤ ᠲᠠᠶᠢᠯᠤᠮᠵᠢ ᠬᠢᠬᠦ ᠵᠡᠷᠭᠡ ᠠᠷᠭ᠎ᠠ ᠬᠡᠯᠪᠡᠷᠢ ᠪᠠᠷ ᠨᠠᠰᠢ ᠴᠠᠰᠢ ᠥᠩᠭᠡᠷᠡᠬᠦ ᠤᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠡᠯ᠎ᠡ ᠬᠦᠷᠢᠶᠡᠨ ᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠢ ᠤᠯᠤᠰ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠶᠢ ᠤᠷᠢᠶᠠᠯᠠᠪᠠ᠃ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠬᠤ ᠪᠠ ᠰᠠᠨᠠᠭᠤᠯᠵᠤ᠂ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠪᠠᠶᠢᠳᠠᠯ ᠪᠠ ᠰᠦᠪᠡᠭᠴᠢ ᠶᠢ ᠣᠯᠵᠤ ᠮᠡᠳᠡᠪᠡᠯ᠂ ᠴᠠᠭ ᠲᠤᠬᠠᠶ ᠳᠤᠨᠢ ︽12339︾ ᠳᠤ ᠤᠲᠠᠰᠤᠳᠠᠵᠤ᠂ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠳᠤ ᠢᠯᠡᠴᠢᠯᠡᠨ ᠮᠡᠳᠡᠭᠦᠯᠦᠨ᠎ᠡ᠃ ᠳᠠᠷᠠᠭ᠎ᠠ ᠨᠢ᠂ ᠤᠯᠠᠭᠠᠨᠮᠥ᠋ᠴᠢᠷ ᠤᠨ ᠭᠡᠰᠢᠭᠦᠳ ᠥᠪᠡᠷᠮᠢᠴᠡ ᠤᠷᠠᠯᠢᠭ ᠤᠨ ᠢᠯᠡᠷᠡᠬᠦ ᠬᠡᠯᠪᠡᠷᠢ ᠪᠠᠷ ᠲᠤᠬᠠᠶ ᠶᠢᠨ ᠲᠠᠯᠠᠪᠠᠢ ᠶᠢᠨ ᠦᠵᠡᠭᠴᠢᠳ ᠲᠤ ︽ᠦᠵᠡᠰᠬᠦᠯᠡᠩᠲᠦ ᠰᠠᠶᠢᠬᠠᠨ ᠮᠢᠨᠦ ᠭᠡᠷ ︾᠂ ︽ᠲᠠᠨ ᠢ ᠳᠠᠭᠠᠵᠤ ᠳᠠᠬᠢᠨ ᠮᠣᠷᠳᠠᠬᠤ︾᠂ ︽ᠠᠷᠪᠠᠨ ᠲᠦᠮᠡᠨ ᠭᠠᠵᠠᠷ ᠤᠨ ᠤᠷᠢᠬᠠᠨ ᠰᠠᠯᠬᠢ︾ ᠵᠡᠷᠭᠡ ᠤᠯᠤᠰ ᠤᠨ ᠠᠮᠤᠷ ᠲᠦᠪᠰᠢᠨ ᠲᠠᠢ ᠨᠢᠭᠲᠠ ᠬᠤᠯᠪᠣᠭ᠎ᠠ ᠲᠠᠢ ᠭᠤᠶᠢᠳᠠ ᠰᠠᠶᠢᠬᠠᠨ ᠲᠣᠭᠯᠠᠯᠲᠠ ᠶᠢ ᠠᠪᠴᠢᠷᠠᠭᠰᠠᠨ ᠪᠠᠶᠢᠨ᠎ᠠ᠃
   ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠪᠥᠬᠦ ᠰᠢᠶᠠᠨ ᠤ ᠠᠷᠠᠳ ᠲᠦᠮᠡᠨ ᠤ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠲᠤᠬᠠᠶ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠ ᠬᠥᠮᠦᠨ ᠨᠢᠭᠡᠪᠦᠷᠢ ᠶᠢᠨ ᠲᠣᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠭᠡᠳᠡᠭ ᠢ ᠣᠯᠠᠨ ᠳᠤ ᠣᠶᠢᠯᠠᠭᠠᠭᠤᠯᠪᠠ᠄ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠤᠷᠲᠤ ᠡᠳ᠋ ᠢ ᠴᠠᠭᠠᠵᠠᠯᠠᠬᠤ ᠶᠡᠭᠡ ᠠᠩᠭᠢ ᠶᠢᠨ ᠳᠠᠷᠤᠭ᠎ᠠ ᠵᠠᠩ ᠼᠦᠨ ᠰᠢᠶᠠᠩ᠄ ︽ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ ᠪᠠᠶᠢᠭ᠎ᠠ ᠲᠠᠰᠢᠷᠠᠮ ᠳᠤ᠂ ᠬᠤᠤᠷᠲᠤ ᠡᠳ᠋ ᠢ ᠴᠠᠭᠠᠵᠠᠯᠠᠬᠤ᠂ ᠮᠡᠬᠡᠯᠡᠯ ᠢ ᠡᠰᠡᠷᠭᠦᠴᠡᠬᠦ᠂ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠥᠷᠨᠢᠭᠦᠯᠵᠦ ᠪᠠᠶᠢᠨ᠎ᠠ︾ ᠭᠡᠵᠦ ᠰᠠᠨᠠᠭᠤᠯᠵᠤ ᠪᠠᠶᠢᠨ᠎ᠠ᠃                                        ᠨᠠᠶᠢᠷᠠᠭᠤᠯᠤᠭᠴᠢ᠄  ᠯᠢ ᠬᠤᠩ ᠢᠦᠢ                                          ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2