ᠳᠤᠮᠳᠠᠳᠤ ᠤᠯᠤᠰ ᠤᠨ ᠠᠦ᠋ᠲ᠋ᠣᠴᠢᠯᠠᠯᠲᠠ ᠶᠢᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠠᠭᠤᠨ ᠬᠥᠮᠦᠨ ᠤ ᠪᠦᠯᠬᠦᠮ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠭᠡ ᠲᠣᠰᠬᠤᠨ ᠤ ᠠᠶᠠᠯᠠᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠯᠢᠶᠠᠩᠴᠧᠩ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/16
   ︽ᠰᠢᠨ᠎ᠡ ᠴᠠᠭ ᠦᠶ᠎ᠡ ᠳᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ᠪᠣᠯᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠥᠷᠨᠢᠭᠦᠯᠬᠦ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠠᠦ᠋ᠲ᠋ᠣᠴᠢᠯᠠᠯᠲᠠ ᠶᠢᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ CAA ᠤᠶᠤᠨᠲᠤ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠵᠥᠪᠯᠡᠯ ᠪᠣᠯᠤᠨ ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠬᠠᠮᠲᠤᠷᠠᠨ ᠡᠷᠭᠢᠯᠡᠭᠰᠡᠨ ᠳᠤᠮᠳᠠᠳᠤ ᠤᠯᠤᠰ ᠤᠨ ᠠᠦ᠋ᠲ᠋ᠣᠴᠢᠯᠠᠭᠰᠠᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠠᠭᠤᠨ ᠬᠥᠮᠦᠨ ᠤ ᠪᠦᠯᠬᠦᠮ - ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠳᠡᠭᠡ ᠲᠣᠰᠬᠤᠨ ᠤ ᠠᠶᠠᠯᠠᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠯᠢᠶᠠᠩᠴᠧᠩ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠹᠧᠩ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠠᠵᠢᠯᠯᠠᠭ᠎ᠠ ᠶᠢᠨ ᠳᠤᠮᠳᠠ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠬᠠᠮᠲᠤᠪᠠᠷ AICE ᠰᠢᠯᠭᠠᠨ ᠦᠨᠡᠯᠡᠬᠦ ᠵᠢᠱᠢᠶ᠎ᠡ ᠦᠵᠡᠭᠦᠯᠬᠦ ᠰᠤᠷᠭᠠᠭᠤᠯᠢ ᠶᠢᠨ ᠯᠢᠶᠠᠩᠴᠧᠩ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠪᠣᠯᠤᠨ ᠭᠤᠷᠪᠠᠳᠤᠭᠠᠷ ᠪᠠᠭ᠎ᠠ ᠰᠤᠷᠭᠠᠭᠤᠯᠢ ᠪᠣᠯᠬᠤ ᠶᠢᠨ ᠲᠥᠯᠥᠭᠡ ᠫᠠᠶᠢᠰᠠ ᠣᠯᠭᠤᠭᠰᠠᠨ ᠪᠥᠭᠡᠳ ᠭᠤᠤᠯ ᠰᠡᠳᠦᠪᠲᠦ ᠮᠡᠳᠡᠭᠦᠯᠦᠯᠲᠡ ᠪᠠ ᠲᠤᠰᠬᠠᠶ ᠮᠡᠷᠭᠡᠵᠢᠯᠲᠡᠨ ᠤ ᠲᠠᠶᠢᠯᠤᠮᠵᠢ ᠬᠢᠵᠦ᠂ ᠮᠡᠳᠡᠭᠦᠯᠦᠯᠲᠡ ᠵᠢᠴᠢ ᠲᠠᠶᠢᠯᠤᠮᠵᠢ ᠶᠢᠨ ᠠᠭᠤᠯᠭ᠎ᠠ ᠨᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠶᠢᠵᠤ᠂ AI ᠮᠡᠷᠭᠡᠵᠢᠯ ᠤᠨ ᠬᠠᠮᠤᠭ ᠤᠨ ᠰᠢᠨ᠎ᠡ ᠬᠥᠭᠵᠢᠯᠲᠡ ᠵᠢᠴᠢ ᠬᠥᠮᠦᠨ ᠲᠥᠷᠥᠯᠬᠢᠲᠡᠨ ᠤ ᠢᠷᠡᠭᠡᠳᠦᠶ ᠳᠤ ᠦᠵᠡᠭᠦᠯᠦᠭᠰᠡᠨ ᠨᠥᠯᠥᠭᠡ ᠶᠢ ᠢᠯᠡᠷᠡᠭᠦᠯᠦᠭᠰᠡᠨ ᠪᠥᠭᠡᠳ ᠲᠣᠪᠴᠢ ᠠᠪᠰᠠᠷᠬᠠᠨ ᠢᠶᠠᠷ ᠦᠰᠦᠭ ᠪᠢᠴᠢᠭ ᠢᠶᠠᠷ ᠶᠠᠷᠢᠵᠤ᠂ ᠵᠣᠬᠢᠶᠠᠮᠠᠯ ᠣᠶᠤᠨ ᠴᠢᠳᠠᠪᠤᠷᠢ ᠶᠢᠨ ᠲᠡᠤᠬᠡ᠂ ᠣᠳᠣᠬᠢ ᠪᠠᠶᠢᠳᠠᠯ ᠪᠠ ᠢᠷᠡᠭᠡᠳᠦᠶ ᠶᠢ ᠶᠠᠷᠢᠵᠤ᠂ ᠬᠤᠷᠠᠯ ᠳᠤ ᠣᠷᠣᠯᠴᠠᠭᠰᠠᠳ ᠲᠤ AI ᠮᠡᠷᠭᠡᠵᠢᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠪᠠ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2