ᠯᠢᠶᠠᠩᠴᠧᠩ ᠰᠢᠶᠠᠨ ᠶᠠᠭ ᠤᠷᠢᠬᠠᠨ ᠬᠠᠪᠤᠷ ᠤᠨ ᠤᠷᠢᠬᠠᠨ ᠰᠠᠯᠬᠢ ᠪᠠᠷ ᠦᠨᠳᠦᠰᠦᠲᠡᠨ ᠤ ᠪᠦᠯᠬᠦᠮᠳᠡᠯ ᠤᠨ | ᠴᠡᠴᠡᠭ ᠢ ᠤᠮᠳᠠᠯᠠᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠰᠢᠶᠠᠨ ᠢ ᠡᠭᠦᠳᠦᠨ ᠪᠠᠶᠢᠭᠤᠯᠬᠤ ᠵᠦᠭ ᠰᠢᠪᠲᠤᠯᠤᠯᠲᠠ ᠬᠢᠵᠦ ᠪᠠᠶᠢᠨ᠎ᠠ᠃ ᠡᠭᠦᠳᠦᠨ ᠪᠠᠶᠢᠭᠤᠯᠬᠤ ᠠᠵᠢᠯ ᠨᠢ ᠪᠦᠬᠦ | ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠢᠳᠡᠪᠬᠢᠲᠡᠢ ᠣᠷᠣᠯᠴᠠᠯᠭ᠎ᠠ ᠪᠠ ᠬᠦᠴᠦᠲᠡᠢ | ᠳᠡᠮᠵᠢᠯᠭᠡ ᠠᠴᠠ ᠰᠠᠯᠵᠤ ᠴᠢᠳᠠᠬᠤ ᠦᠭᠡᠢ᠂ ᠡᠭᠦᠨ ᠤ ᠲᠤᠯᠠᠳᠠ᠂ ᠪᠢᠳᠡᠨ ᠤ ᠰᠠᠨᠠᠭᠠᠴᠢᠯᠠᠭ᠎ᠠ᠄ | ᠨᠢᠭᠡ᠂ ᠢᠲᠡᠭᠡᠯ ᠵᠣᠷᠢᠭ ᠢᠶᠠᠨ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠢ | ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠠᠭᠤᠤ ᠶᠡᠭᠡ ᠡᠬᠡ ᠤᠯᠤᠰ ᠢᠶᠠᠨ | ᠮᠡᠳᠡᠷᠡᠬᠦ᠂ ᠳᠤᠮᠳᠠᠳᠤ ᠶᠢᠨ ᠦᠨᠳᠦᠰᠦᠲᠡᠨ ᠤ ᠲᠤᠬᠠᠢ ᠮᠡᠳᠡᠷᠡᠮᠵᠢ᠂ ᠳᠤᠮᠳᠠᠳᠤ ᠶᠢᠨ ᠰᠣᠶᠣᠯ ᠢ ᠮᠡᠳᠡᠷᠡᠬᠦ᠂ ᠳᠤᠮᠳᠠᠳᠤ | ᠤᠯᠤᠰ ᠤᠨ ᠡᠪ ᠬᠠᠮᠲᠤ ᠨᠠᠮ ᠢ ᠮᠡᠳᠡᠷᠡᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠮᠡᠳᠡᠷᠡᠬᠦ | ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ | ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠤᠢ | ᠪᠣᠯᠭᠠᠵᠤ᠂ ᠪᠦᠯᠬᠦᠮᠳᠡᠯ ᠲᠠᠢ᠂ ᠡᠶ᠎ᠡ ᠵᠣᠬᠢᠴᠠᠩᠭᠤᠢ᠂ ᠲᠣᠭᠲᠠᠭᠤᠨ ᠨᠡᠶᠢᠭᠡᠮ ᠤᠨ ᠶᠡᠭᠡ ᠲᠠᠯ᠎ᠠ ᠶᠢ ᠢᠳᠡᠪᠬᠢᠲᠡᠢ | ᠬᠠᠮᠠᠭᠠᠯᠠᠬᠤ ᠬᠡᠷᠡᠭᠲᠡᠢ᠃ | ᠬᠤᠶᠠᠷ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ | ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ | ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠯᠢᠶᠠᠩᠴᠧᠩ ᠤᠨ ᠬᠤᠪᠢᠰᠬᠠᠯ ᠤᠨ | ᠤᠳᠤᠮᠰᠢᠯ ᠢ ᠵᠠᠯᠭᠠᠮᠵᠢᠯᠠᠵᠤ᠂ ᠯᠢᠶᠠᠩᠴᠧᠩ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠵᠤ᠂ ᠯᠢᠶᠠᠩᠴᠧᠩ ᠤᠨ ᠬᠤᠪᠢᠰᠬᠠᠯ ᠤᠨ ᠰᠣᠶᠣᠯ᠂ | ᠲᠠᠭ᠎ᠠ ᠶᠢᠨ ᠨᠠᠭᠤᠷ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠵᠡᠷᠭᠡ ᠰᠣᠶᠣᠯ ᠤᠨ ᠬᠡᠯᠪᠡᠷᠢ ᠶᠢ | ᠬᠤᠷᠠᠮᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠷ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠰᠠᠭᠤᠷᠢ ᠶᠢ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠤᠶᠤᠨ ᠰᠠᠨᠠᠭᠠᠨ ᠤ ᠰᠣᠶᠣᠯ ᠤᠨ ᠭᠡᠷ ᠣᠷᠣᠨ ᠢ ᠴᠢᠷᠮᠠᠶᠢᠨ ᠪᠠᠶᠢᠭᠤᠯᠵᠤ᠂ ᠬᠠᠮᠲᠤ ᠶᠢᠨ ᠬᠦᠰᠡᠯᠡᠩ | ᠢᠲᠡᠭᠡᠯ ᠪᠢᠰᠢᠷᠡᠯ ᠢᠶᠠᠷ ᠤᠶᠤᠨ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ᠬᠡᠷᠡᠭᠲᠡᠢ᠃ | ᠭᠤᠷᠪᠠ᠂ ᠭᠠᠷ ᠬᠤᠯᠪᠣᠨ ᠵᠡᠷᠭᠡ ᠪᠠᠷ ᠤᠷᠤᠭᠰᠢᠯᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ | ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠠᠬᠢᠭᠤᠯᠤᠨ᠎ᠠ | ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ︽ᠬᠤᠶᠠᠷ ᠶᠡᠭᠡ ᠶᠠᠪᠤᠳᠠᠯ︾ ᠢ ᠰᠠᠶᠢᠲᠤᠷ | ᠬᠢᠬᠦ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠶᠡᠭᠡ ᠪᠠᠷ ᠠᠬᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠪᠣᠯᠤᠨ ᠦᠨᠳᠦᠰᠦᠲᠡᠨ ᠤ | ᠰᠡᠷᠭᠦᠨ ᠮᠠᠨᠳᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶᠡᠨ ᠳᠤ ᠠᠭᠤᠰᠤᠯᠴᠠᠭᠤᠯᠵᠤ᠂ | ᠯᠢᠶᠠᠩᠴᠧᠩ ᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠬᠠᠮᠲᠤ ᠪᠠᠷ ᠰᠠᠭᠤᠷᠢᠰᠢᠬᠤ᠂ ᠬᠠᠮᠲᠤ ᠪᠠᠷ | ᠰᠤᠷᠤᠯᠴᠠᠬᠤ᠂ ᠬᠠᠮᠲᠤ ᠪᠠᠷ ᠠᠵᠢᠯᠯᠠᠬᠤ᠂ ᠬᠠᠮᠲᠤ ᠪᠠᠷ ᠵᠢᠷᠭᠠᠬᠤ ᠡᠶ᠎ᠡ ᠵᠣᠬᠢᠴᠠᠩᠭᠤᠢ ᠬᠠᠯᠠᠭᠤᠨ ᠬᠥᠷᠥᠰᠥ ᠪᠣᠯᠭᠠᠨ | ᠪᠦᠳᠦᠭᠡᠨ ᠪᠠᠶᠢᠭᠤᠯᠵᠤ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ | ᠲᠡᠶᠢᠰᠢ ᠬᠠᠮᠲᠤ ᠪᠠᠷ ᠤᠷᠤᠭᠰᠢᠯᠠᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ | ᠳᠥᠷᠪᠡ᠂ ᠰᠠᠭᠤᠷᠢ ᠶᠢ ᠪᠠᠬᠢᠵᠢᠭᠦᠯᠵᠦ᠂ ︽ᠨᠠᠢᠮᠠ ᠶᠢ ᠣᠷᠣᠭᠤᠯᠬᠤ︾ ᠠᠵᠢᠯ ᠢ ᠭᠦᠨᠵᠡᠭᠡᠶ ᠠᠬᠢᠭᠤᠯᠤᠨ᠎ᠠ᠃ | ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠡᠵᠡᠨ ᠬᠥᠮᠦᠨ ᠤ ᠤᠬᠠᠮᠰᠠᠷ ᠢ ᠪᠤᠢ | ᠪᠣᠯᠭᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠤᠨ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯᠯᠠᠭ᠎ᠠ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠰᠤᠮᠤ ᠰᠢᠶᠠᠩ ᠪᠠᠯᠭᠠᠰᠤ ︵ᠲᠠᠯᠠᠪᠠᠢ︶᠂ | ᠰᠤᠮᠤ ᠰᠢᠶᠠᠩ ᠪᠠᠯᠭᠠᠰᠤ ︵ᠲᠠᠯᠠᠪᠠᠢ︶᠂ ᠰᠤᠷᠭᠠᠭᠤᠯᠢ᠂ ᠴᠡᠷᠢᠭ ᠠᠩᠭᠢ᠂ ᠱᠠᠰᠢᠨ ᠰᠤᠷᠲᠠᠬᠤᠨ ᠤ ᠠᠵᠢᠯᠯᠠᠭᠠᠨ ᠤ | ᠲᠠᠯᠠᠪᠤᠷ᠂ ᠰᠦᠯᠵᠢᠶᠡᠨ ᠳᠤ ᠣᠷᠣᠬᠤ ᠠᠵᠢᠯᠯᠠᠭ᠎ᠠ ᠳᠤ ᠦᠨᠳᠦᠰᠦᠲᠡᠨ ᠤ ᠪᠦᠯᠬᠦᠮᠳᠡᠯ ᠬᠥᠮᠦᠨ ᠪᠦᠬᠦᠨ | ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ ᠨᠡᠶᠢᠭᠡᠮ ᠤᠨ ᠢᠳᠡᠪᠬᠢ ᠬᠦᠴᠦᠨ ᠢ | ᠪᠤᠢ ᠪᠣᠯᠭᠠᠬᠤ ᠬᠡᠷᠡᠭᠲᠡᠢ᠃ | ᠲᠠᠪᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠲᠡᠶ | ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠨᠠᠮ ᠤᠨ ᠦᠨᠳᠦᠰᠦᠲᠡᠨ ᠤ ᠲᠦᠷᠦ ᠶᠢᠨ | ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠢ ᠰᠤᠷᠤᠯᠴᠠᠵᠤ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠢᠳᠡᠪᠬᠢᠲᠡᠢ ᠰᠤᠷᠤᠯᠴᠠᠨ ᠬᠡᠷᠡᠭᠯᠡᠵᠦ᠂ ᠲᠦᠷᠦᠭᠦᠯᠡᠨ ᠦᠨᠡᠨᠴᠢ | ᠢᠲᠡᠭᠡᠮᠵᠢ ᠶᠢ ᠡᠷᠬᠢᠮᠯᠡᠵᠦ᠂ ᠢᠲᠡᠭᠡᠮᠵᠢ ᠶᠢ ᠰᠠᠬᠢᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ ᠪᠠ ᠳᠠᠮᠵᠢᠭᠤᠯᠤᠭᠴᠢ ᠪᠣᠯᠬᠤ ᠪᠠᠷ ᠴᠢᠷᠮᠠᠶᠢᠵᠤ᠂ ᠦᠨᠳᠦᠰᠦᠲᠡᠨ ᠤ | ᠪᠦᠯᠬᠦᠮᠳᠡᠯ ᠬᠠᠷᠢᠯᠴᠠᠨ ᠬᠠᠪᠰᠤᠷᠤᠯᠴᠠᠬᠤ ᠴᠡᠴᠡᠭ ᠢ ᠯᠢᠶᠠᠩᠴᠧᠩ ᠳᠤ ᠳᠡᠯᠭᠡᠷᠡᠭᠦᠯᠵᠦ᠂ ᠡᠭᠦᠷᠢᠳᠡ ᠳᠡᠯᠭᠡᠷᠡᠭᠦᠯᠬᠦ | ᠬᠡᠷᠡᠭᠲᠡᠢ᠃ | ᠴᠠᠭ ᠦᠶ᠎ᠡ ᠲᠡᠮᠡᠴᠡᠭᠰᠡᠳ ᠢ ᠦᠯᠦ ᠬᠥᠰᠡᠷᠳᠡᠭᠦᠯᠵᠦ᠂ ᠠᠶᠠᠨ ᠵᠠᠮ ᠳᠤ ᠲᠥᠪ ᠴᠢᠭᠴᠢ ᠪᠣᠯᠪᠠ᠃ ᠪᠢᠳᠡ ᠭᠠᠷ | ᠭᠠᠷ ᠢᠶᠠᠨ ᠬᠤᠯᠪᠣᠯᠴᠠᠨ᠂ ᠮᠥᠷᠥ ᠵᠡᠷᠭᠡᠴᠡᠵᠦ᠂ ᠰᠡᠳᠬᠢᠯ ᠵᠢᠷᠦᠬᠡ ᠪᠠᠨ ᠬᠤᠯᠪᠣᠵᠤ᠂ ᠠᠨᠠᠷ ᠤᠨ ᠦᠷ᠎ᠡ ᠰᠢᠭ | ᠨᠢᠭᠲᠠᠷᠠᠨ ᠪᠦᠯᠬᠦᠮᠳᠡᠵᠦ᠂ ᠯᠢᠶᠠᠩᠴᠧᠩ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠶᠡᠭᠡ ᠰᠠᠶᠢᠨ | ᠪᠠᠶᠢᠳᠠᠯ ᠢ ᠨᠠᠷᠢᠨ ᠰᠡᠳᠬᠢᠯ ᠠᠴᠠ ᠪᠠᠨ ᠬᠠᠮᠠᠭᠠᠯᠠᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ︾ ᠤ ᠡᠷᠬᠢᠮ ᠳᠡᠭᠡᠳᠦ ᠢᠷᠠᠭᠤ ᠠᠯᠳᠠᠷ ᠢ ᠨᠢᠭᠡ ᠯᠡ ᠳᠡᠭᠡᠷ᠎ᠡ ᠲᠡᠮᠡᠴᠡᠨ | ᠣᠯᠵᠤ᠂ ᠯᠢᠶᠠᠩᠴᠧᠩ ᠤᠨ ᠵᠢᠵᠢᠭ ᠬᠤᠲᠠ ᠶᠢ ᠳᠠᠬᠢᠨᠲᠠ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ | ᠯᠢᠶᠠᠩᠴᠧᠩ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ | 2024 ᠣᠨ ᠤ 4 ᠰᠠᠷ᠎ᠠ ᠶᠢᠨ 15 ᠤ ᠡᠳᠦᠷ |