ᠵᠧᠩ ᠳ᠋ᠦᠩ ᠫᠢᠩ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/18
   4 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠤᠷᠭᠠᠨ ᠬᠥᠮᠦᠵᠢᠯ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠰᠣᠨᠣᠰᠪᠠ᠃ ᠰᠢᠶᠠᠨ ᠤ ᠤᠳᠤᠷᠢᠳᠤᠯᠭ᠎ᠠ ᠯᠦ ᠶᠢᠦ ᠹᠦ᠋᠂ ᠹᠧᠩ ᠵᠢᠶᠦ᠋ᠨ ᠣᠷᠣᠯᠴᠠᠪᠠ᠃    ᠵᠧᠩ ᠳ᠋ᠦᠩ ᠫᠢᠩ᠂ ᠭᠠᠯ ᠤᠨᠲᠠᠷᠠᠭᠠᠬᠤ᠂ ᠪᠠᠶᠢᠷᠢ ᠳᠤ ᠰᠠᠭᠤᠬᠤ ᠰᠣᠷᠣᠭᠴᠢ ᠵᠡᠷᠭᠡ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠡᠯ᠎ᠡ ᠵᠦᠢᠯ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠡᠯ᠎ᠡ ᠵᠦᠢᠯ ᠤᠨ ᠠᠵᠢᠯ ᠤᠨ ᠠᠮᠤᠷ ᠲᠦᠪᠰᠢᠨ᠂ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠭᠰᠢ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠵᠤ᠂ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠪᠦᠬᠦᠯᠢ ᠴᠣᠭᠴᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ  ᠥᠪᠡᠷᠲᠡᠭᠡᠨ ᠪᠡᠯᠡᠳᠬᠡᠭᠰᠡᠨ ᠬᠤᠳᠳᠤᠭ ᠢ ᠬᠠᠭᠠᠬᠤ ᠠᠵᠢᠯ ᠤᠨ ᠴᠢᠬᠤᠯᠠ ᠴᠢᠨᠠᠷ ᠢ ᠣᠯᠠᠨ ᠠᠷᠭ᠎ᠠ ᠵᠠᠮ ᠢᠶᠠᠷ ᠤᠬᠠᠭᠤᠯᠵᠤ᠂ ᠥᠷᠭᠡᠨ ᠣᠯᠠᠨ ᠲᠦᠮᠡᠨ ᠳᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠮᠡᠳᠡᠭᠦᠯᠬᠦ ᠬᠡᠷᠡᠭᠲᠡᠶ᠃ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠠᠷ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠣᠯ ᠮᠥᠷᠡᠨ ᠢ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠮᠥᠷᠡᠨ ᠢ ᠰᠠᠬᠢᠬᠤ ᠳᠤ ᠬᠠᠷᠢᠭᠤᠴᠠᠯᠭ᠎ᠠ ᠲᠠᠢ᠂ ᠭᠤᠣᠯ ᠮᠥᠷᠡᠨ ᠢ ᠬᠠᠮᠠᠭᠠᠯᠠᠬᠤ ᠳᠤ ᠬᠠᠷᠢᠭᠤᠴᠠᠯᠭ᠎ᠠ ᠡᠭᠦᠷᠭᠡᠯᠡᠬᠦ᠂ ᠭᠤᠣᠯ ᠮᠥᠷᠡᠨ ᠢ ᠵᠠᠰᠠᠬᠤ ᠳᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠡᠷᠡᠰ ᠪᠡᠶᠡᠯᠡᠭᠦᠯᠵᠦ᠂ ᠬᠠᠤᠯᠢ ᠠᠴᠠ ᠵᠥᠷᠢᠴᠡᠨ ᠡᠯᠡᠰᠦ ᠮᠠᠯᠲᠠᠬᠤ᠂ ᠲᠣᠭᠲᠠᠭᠠᠯ ᠠᠴᠠ ᠵᠥᠷᠢᠴᠡᠨ ᠭᠠᠵᠠᠷ ᠡᠵᠡᠯᠡᠬᠦ ᠵᠡᠷᠭᠡ ᠬᠠᠤᠯᠢ ᠪᠤᠰᠤ ᠠᠵᠢᠯᠯᠠᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ᠃ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ᠂ ᠬᠥᠮᠦᠨ ᠤ ᠤᠤᠭᠤᠬᠤ ᠤᠰᠤᠨ ᠤ ᠢᠨᠵᠧᠨᠧᠷᠢᠩ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠳᠤ ᠡᠷᠡᠭᠦᠯ ᠮᠡᠨᠳᠦ ᠠᠮᠤᠷ ᠲᠦᠪᠰᠢᠨ ᠤᠤᠭᠤᠬᠤ ᠤᠰᠤ ᠤᠤᠭᠤᠯᠭᠠᠬᠤ ᠬᠡᠷᠡᠭᠲᠡᠢ᠃ ᠲᠥᠬᠦᠭᠡᠷᠦᠮᠵᠢᠲᠦ ᠲᠠᠷᠢᠶᠠᠯᠠᠩ᠂ ᠤᠰᠤ ᠶᠢ ᠭᠠᠩ ᠬᠠᠭᠤᠷᠠᠶ ᠪᠣᠯᠭᠠᠬᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠪᠠᠶᠢᠴᠠᠭᠠᠵᠤ ᠵᠢᠭᠰᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ ᠭᠡᠪᠡ᠃    ᠬᠤᠷᠠᠯ ᠠᠴᠠ ᠡᠮᠦᠨ᠎ᠡ᠂ ᠵᠧᠩ ᠳ᠋ᠦᠩ ᠫᠢᠩ ᠯᠢᠶᠠᠩᠴᠧᠩ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠶᠡᠷᠦᠩᠬᠡᠶᠢᠯᠡᠭᠰᠡᠨ ᠠᠰᠠᠷ ᠤᠨ ᠪᠥᠲᠥᠭᠡᠨ ᠪᠠᠶᠢᠭᠤᠯᠤᠯᠲᠠ ᠵᠢᠴᠢ ᠢᠯᠴᠢ ᠬᠠᠩᠭᠠᠬᠤ ᠬᠤᠭᠤᠯᠠᠶ ᠶᠢᠨ ᠲᠣᠤᠷ ᠢ ᠵᠣᠯᠭᠠᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃                                               ᠨᠠᠶᠢᠷᠠᠭᠤᠯᠤᠭᠴᠢ᠄  ᠯᠢ ᠬᠤᠩ ᠢᠦᠢ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2