ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 10 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/18
   4 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 10 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠤᠢᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠬᠠᠮᠢᠶ᠎ᠠ ᠪᠦᠬᠦᠢ ᠮᠡᠳᠡᠭᠳᠡᠯ᠂ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠪᠠ︔ ︽ᠯᠢᠶᠠᠩᠴᠧᠩ ᠰᠢᠶᠠᠨ ᠤ ᠬᠠᠳᠤᠨ ᠭᠤᠣᠯ ᠤᠨ ᠰᠠᠪᠠ ᠭᠠᠵᠠᠷ ᠢ ᠵᠠᠰᠠᠬᠤ ᠲᠤᠰᠬᠠᠢ ᠪᠡᠯᠡ ᠮᠥᠩᠭᠦ ᠶᠢ ᠬᠡᠷᠡᠭᠯᠡᠬᠦ ᠲᠥᠯᠥᠪᠯᠡᠭᠡ︾᠂ ︽ᠯᠢᠶᠠᠩᠴᠧᠩ ᠰᠢᠶᠠᠨ ᠤ 2024 ᠣᠨ ᠤ ᠲᠥᠪ᠂ ᠥᠪᠡᠷᠲᠡᠭᠡᠨ ᠵᠠᠰᠠᠬᠤ ᠣᠷᠣᠨ ᠤ ᠲᠣᠰᠬᠤᠨ ᠤ ᠬᠠᠮᠲᠤ ᠶᠢᠨ ᠠᠵᠤ ᠠᠬᠤᠢ ᠶᠢ ᠲᠡᠳᠬᠦᠨ ᠬᠥᠭᠵᠢᠭᠦᠯᠬᠦ ᠲᠦᠷᠦᠯ ᠵᠦᠢᠯ ᠤᠨ ᠪᠡᠯᠡ ᠮᠥᠩᠭᠦ ᠶᠢ ᠬᠤᠪᠢᠶᠠᠷᠢᠯᠠᠬᠤ ᠲᠥᠰᠦᠯ︾᠂ ︽ᠰᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠣᠯᠳᠠᠯᠭ᠎ᠠ︾᠂ ︽ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠣᠯᠳᠠᠯᠭ᠎ᠠ︾᠂ ︽ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾᠂ ︽2024 ᠣᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠭᠤᠣᠯᠳᠠᠯᠭ᠎ᠠ︾ ᠵᠡᠷᠭᠡ ᠶᠢ ᠬᠢᠨᠠᠨ ᠵᠥᠪᠯᠡᠪᠡ︔ ᠰᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ᠂ ᠬᠢᠨᠠᠯᠲᠠ ᠲᠠᠯᠪᠢᠵᠤ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠵᠢᠴᠢ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠷᠦᠢ ᠰᠤᠯᠠ ᠣᠷᠣᠯᠴᠠᠪᠠ᠃    ᠬᠤᠷᠠᠯ ᠠᠴᠠ᠂ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠢ᠂ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠪᠦᠬᠦ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠰᠢᠶᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠲᠤᠰᠬᠠᠶ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠲᠥᠷᠥᠯ ᠤᠨ ᠲᠤᠰᠬᠠᠶ ᠪᠠᠯᠠ ᠮᠥᠩᠭᠦ ᠶᠢᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠵᠤ᠂ ᠮᠠᠨ ᠤ ᠰᠢᠶᠠᠨ ᠤ ᠵᠢᠭᠤᠯᠴᠢᠯᠠᠯ ᠤᠨ ᠠᠵᠤ ᠦᠢᠯᠡᠰ ᠪᠣᠯᠤᠨ ᠲᠠᠷᠢᠶᠠᠯᠠᠩ᠂ ᠠᠵᠤ ᠦᠢᠯᠡᠳᠪᠦᠷᠢ᠂ ᠰᠣᠶᠣᠯ᠂ ᠪᠡᠶ᠎ᠡ ᠶᠢᠨ ᠲᠠᠮᠢᠷ ᠵᠡᠷᠭᠡ ᠠᠵᠤ ᠦᠢᠯᠡᠰ ᠢ ᠦᠨᠡᠨ ᠬᠦ ᠭᠦᠨᠵᠡᠭᠡᠶ ᠠᠭᠤᠰᠤᠯᠴᠠᠭᠤᠯᠵᠤ᠂ ᠮᠠᠨ ᠤ ᠰᠢᠶᠠᠨ ᠤ ᠡᠯᠪᠡᠭ ᠪᠠᠶᠠᠯᠢᠭ ᠲᠡᠤᠬᠡ᠂ ᠰᠣᠶᠣᠯ ᠢᠷᠭᠡᠨᠰᠢᠯ᠂ ᠠᠷᠠᠳ ᠤᠨ ᠵᠠᠩ ᠦᠢᠯᠡ᠂ ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ︽ᠯᠢᠶᠠᠩᠴᠧᠩ ᠳᠤ ᠬᠦᠷᠴᠦ ᠰᠡᠷᠢᠭᠦᠨ ᠢᠳᠡᠭᠡᠨ ᠤ ᠦᠨᠦᠷ ᠬᠠᠩᠬᠤᠯᠬᠤ︾᠂ ︽ᠴᠠᠰᠤᠨ ᠳᠤ ᠭᠤᠯᠭᠤᠬᠤ ᠬᠠᠯᠠᠭᠤᠨ ᠷᠠᠰᠢᠶᠠᠨ ᠤ ᠯᠢᠶᠠᠩᠴᠧᠩ ᠳᠤ ᠴᠠᠭᠠᠨ ᠰᠠᠷ᠎ᠠ ᠪᠠᠨ ᠥᠩᠭᠡᠷᠡᠭᠦᠯᠬᠦ︾ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠬᠦ ᠬᠡᠷᠡᠭᠲᠡᠢ᠃                                                ᠨᠠᠶᠢᠷᠠᠭᠤᠯᠤᠭᠴᠢ᠄  ᠯᠢ ᠬᠤᠩ ᠢᠦᠢ                                                  ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2