ᠯᠢᠶᠠᠩᠴᠧᠩ ᠰᠢᠶᠠᠨ ᠤ ᠤᠯᠤᠰ ᠲᠥᠷᠥ ᠶᠢᠨ ᠵᠥᠪᠯᠡᠯᠭᠡᠨ ︽︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ︾ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠯᠡᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
  4 ᠰᠠᠷ᠎ᠠ ᠶᠢᠨ 17 ᠤ ᠡᠳᠦᠷ᠂ ᠯᠢᠶᠠᠩᠴᠧᠩ ᠰᠢᠶᠠᠨ ᠤ ᠤᠯᠤᠰ ᠲᠥᠷᠥ ᠶᠢᠨ ᠵᠥᠪᠯᠡᠯᠭᠡᠨ ︽︿ᠭᠤᠷᠪᠠᠨ ᠤᠮᠠᠷᠠᠲᠤ﹀ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ︾ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠯᠡᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᡁᠢ ᠵᠧᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ︽︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ︾ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠳᠡᠯᠴᠡᠬᠦ ᠠᠵᠢᠯ ᠤᠨ ᠲᠥᠰᠦᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠮᠠᠨ ᠤ ᠰᠢᠶᠠᠨ ᠤ ᠠᠵᠢᠯ ᠤᠨ ᠲᠥᠰᠦᠯ ᠢ ᠨᠠᠷᠢᠨ ᠲᠠᠶᠢᠯᠪᠤᠷᠢᠯᠠᠪᠠ᠃    ᠬᠤᠷᠠᠯ ᠠᠴᠠ᠂ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠬᠤᠯᠪᠣᠭᠠᠯᠠᠨ ᠬᠥᠳᠡᠯᠦᠯᠴᠡᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ︾ ᠲᠠᠯ᠎ᠠ ᠶᠢᠨ ᠰᠠᠭᠤᠷᠢ ᠲᠤᠭ᠎ᠠ ᠪᠠᠷᠢᠮᠲᠠ᠂ ᠦᠨᠳᠦᠰᠦᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠪᠠ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠶ ᠡᠮᠬᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠴᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃    ᠬᠤᠯᠪᠣᠭᠳᠠᠯ ᠪᠦᠬᠦᠢ ᠨᠢᠭᠡᠴᠢ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯ ᠤᠨ ᠠᠵᠢᠯᠲᠠᠨ ᠪᠠ ᠬᠡᠰᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠣᠷᠣᠯᠴᠠᠪᠠ᠃                                                ᠨᠠᠶᠢᠷᠠᠭᠤᠯᠤᠭᠴᠢ᠄  ᠯᠢ ᠬᠤᠩ ᠢᠦᠢ                                                  ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2