【 ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠵᠶ᠋ᠠᠨ‌‍ᠲ᠋ᠠᠭᠠᠨ᠎ᠠ】 ᠯᠢᠶᠠᠩᠴᠧᠩ ᠰᠢᠶᠠᠨ᠄ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ ︽ᠦᠡᠭᠭᠡ ᠢᠯᠭᠠᠷᠠᠭᠰᠠᠨ︾ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/4/19
 ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠶᠡᠷᠦᠩᠬᠡᠢ ᠱᠦᠵᠢ ᠰᠢ ᠶᠢᠨ ᠫᠢᠩ ᠤᠨ ᠠᠬᠠᠮᠠᠳ ᠺᠠᠳ᠋ᠷᠴᠤᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠡᠳᠬᠢᠯ ᠲᠠᠯᠪᠢᠨ ᠦᠢᠯᠡᠴᠢᠯᠡᠵᠦ ᠂ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠬᠠᠮᠠᠳ ᠺᠠᠳ᠋ᠷᠴᠤᠳ ᠤᠨ ᠠᠵᠢᠯᠯᠠᠭ᠎ᠠ ᠶᠢᠨ ᠲᠥᠪ᠂ ᠨᠡᠶᠢᠭᠡᠮ ᠲᠣᠭᠤᠷᠢᠭ ᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠲᠤ ᠢᠳᠡᠪᠬᠢᠲᠡᠢ ᠲᠦᠰᠢᠭᠯᠡᠵᠦ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ︽ᠤᠢᠢᠷ᠎ᠠ ᠬᠠᠪᠢ ᠳᠠᠭᠠᠨ ᠰᠤᠷᠤᠯᠴᠠᠬᠤ᠂ ᠤᠢᠢᠷ᠎ᠠ ᠬᠠᠪᠢ ᠳᠠᠭᠠᠨ ᠠᠵᠢᠯᠯᠠᠬᠤ᠂ ᠤᠢᠢᠷ᠎ᠠ ᠬᠠᠪᠢ ᠳᠠᠭᠠᠨ ᠦᠢᠯᠡᠳᠦᠯ ᠢ ᠨᠢ ᠪᠠᠳᠠᠷᠠᠭᠤᠯᠬᠤ︾ ᠥᠷᠭᠡᠴᠡ᠂ ᠭᠦᠨᠴᠡ ᠪᠠ ᠬᠠᠯᠠᠭᠤᠨ ᠳᠤᠯᠠᠭᠠᠨ ᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠪᠣᠳᠠᠰ ᠤᠨ ᠠᠮᠢᠳᠤᠷᠠᠯ ᠪᠠ ᠤᠶᠤᠨ ᠰᠠᠨᠠᠭᠠᠨ ᠤ ᠰᠣᠶᠣᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠨᠠᠰᠤᠲᠠᠶᠢᠴᠤᠳ ᠤᠨ ︽ᠵᠣᠯ ᠵᠢᠷᠭᠠᠯᠲᠤ ᠴᠡᠩᠭᠡᠯ ᠤᠨ ᠬᠦᠷᠢᠶᠡᠯᠡᠩ︾ ᠢ ᠨᠠᠷᠢᠨ ᠨᠢᠮᠪᠠᠢ ᠪᠤᠢ ᠪᠣᠯᠭᠠᠵᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠢ ᠰᠤᠷᠤᠯᠴᠠᠬᠤ᠂ ᠠᠰᠠᠷᠠᠮᠵᠢ ᠲᠠᠢ᠂ ᠪᠠᠶᠠᠷ ᠴᠡᠩᠭᠡᠯ ᠲᠠᠢ᠂ ᠠᠮᠤᠷ ᠠᠮᠤᠭᠤᠯᠠᠩ ᠲᠠᠢ ᠪᠣᠯᠭᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠴᠣ᠋ ᠰᠢᠨ᠎ᠡ ᠪᠤᠯᠭᠠᠪᠠ᠃
      ᠰᠢᠶᠠᠨ ᠤ ᠠᠬᠠᠮᠠᠳ ᠺᠠᠳ᠋ᠷᠴᠤᠳ ᠤᠨ ᠬᠥᠳᠡᠯᠭᠡᠭᠡᠨ ᠤ ᠲᠥᠪ ᠲᠤ ᠬᠦᠷᠦᠮᠡᠭᠴᠡ ᠪᠠᠶᠠᠷ ᠪᠠᠶᠠᠰᠬᠤᠯᠠᠩᠲᠤ ᠢᠨᠢᠶᠡᠳᠦ ᠶᠢᠨ ᠳᠠᠭᠤᠨ ᠳᠤ ᠬᠤᠶᠠᠳᠤᠭᠠᠷ ᠳᠠᠪᠬᠤᠷᠯᠢᠭ ᠤᠨ ᠪᠣᠯᠪᠠᠰᠤᠷᠠᠯ ᠤᠨ ᠲᠠᠰᠤᠭ ᠲᠤ᠂ ᠠᠬᠠᠮᠠᠳ ᠨᠥᠬᠦᠳ ︽ᠤᠯᠠᠭᠠᠨ ᠲᠤᠭ ᠬᠠᠳᠬᠤᠭᠰᠠᠨ ᠨᠢ︾ ᠭᠡᠬᠦ ᠳᠠᠭᠤᠤ ᠶᠢ ᠪᠣᠯᠪᠠᠰᠤᠷᠠᠵᠤ ᠪᠠᠶᠢᠯ᠎ᠠ᠃ ᠵᠠᠩ ᠳ᠋ᠦᠩ ᠹᠠᠩ ᠪᠣᠯ ᠠᠵᠢᠯ ᠠᠴᠠ ᠪᠠᠨ ᠠᠮᠠᠷᠠᠭᠰᠠᠨ ᠨᠢᠭᠡᠨ ᠺᠠᠳ᠋ᠷ ᠮᠥᠨ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠲᠡᠷᠡ ᠳᠠᠭᠤᠤ ᠬᠥᠭᠵᠢᠮ ᠤᠨ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠵᠤ᠂ ᠰᠤᠯᠠ ᠰᠡᠯᠡᠭᠦᠤ ᠴᠠᠭ ᠢᠶᠠᠨ ᠠᠰᠢᠭᠯᠠᠨ᠂ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ ᠲᠤ ᠬᠦᠷᠴᠦ ᠤᠯᠠᠨ ᠲᠠᠢ ᠬᠠᠮᠲᠤ ᠤᠯᠠᠭᠠᠨ ᠳᠠᠭᠤᠤ ᠳᠠᠭᠤᠯᠠᠵᠤ᠂ ᠬᠤᠯᠤ ᠰᠢᠷᠬᠡᠭ ᠦᠯᠢᠶᠡᠵᠦ᠂ ᠳᠠᠭᠤᠤ ᠬᠥᠭᠵᠢᠮ ᠤᠨ ᠠᠪᠴᠢᠷᠠᠭᠰᠠᠨ ᠪᠠᠶᠠᠷ ᠪᠠᠶᠠᠰᠤᠯ ᠢ ᠬᠠᠮᠲᠤ ᠪᠠᠷ ᠡᠳ᠋ᠯᠡᠨ᠎ᠡ᠃
     ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠸᠠᠩ ᠸᠠᠨ ᠾᠧ ᠬᠡᠯᠡᠭᠰᠡᠨ ᠨᠢ᠄ ᠪᠢ ᠣᠶᠢᠷ᠎ᠠ ᠶᠢᠨ ᠵᠢᠯ ᠤᠨ ᠲᠤᠷᠰᠢ ᠡᠳᠦᠷ ᠪᠦᠷᠢ ᠠᠳᠡ ᠬᠥᠳᠡᠯᠭᠡᠭᠡᠨ ᠳᠤ ᠣᠷᠣᠯᠴᠠᠵᠤ᠂ ᠬᠥᠳᠡᠯᠭᠡᠭᠡᠨ ᠤ ᠲᠥᠪ ᠤᠨ ᠨᠥᠬᠦᠴᠡᠯ ᠮᠠᠰᠢ ᠰᠠᠶᠢᠨ᠂ ᠳᠠᠭᠤᠤ ᠳᠠᠭᠤᠯᠠᠬᠤ᠂ ᠪᠠᠰᠠ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠵᠦ ᠴᠢᠳᠠᠨ᠎ᠠ᠂ ᠫᠢᠩᠫᠠᠩ ᠪᠥᠮᠪᠦᠭᠡ᠂ ᠴᠢᠴᠢᠭᠦᠷ ᠪᠥᠮᠪᠦᠭᠡ᠂ ᠨᠠᠰᠤᠲᠠᠶᠢᠴᠤᠳ ᠤᠨ ᠠᠮᠢᠳᠤᠷᠠᠯ ᠨᠠᠩ ᠪᠠᠶᠠᠯᠢᠭ᠂ ᠪᠡᠶ᠎ᠡ ᠮᠠᠬᠠᠪᠣᠳ ᠴᠤ ᠨᠠᠩ ᠴᠤᠭ ᠵᠢᠪᠬᠤᠭ᠎ᠠ ᠲᠠᠢ᠂ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ ᠤᠨ ᠪᠢᠳᠡᠨ ᠳᠤ ᠮᠠᠰᠢ ᠰᠠᠶᠢᠨ ᠦᠢᠯᠡᠴᠢᠯᠡᠭᠡ ᠬᠠᠩᠭᠠᠭᠰᠠᠨ ᠳᠤ ᠲᠠᠯᠠᠷᠬᠠᠵᠤ ᠪᠠᠶᠢᠨ᠎ᠠ
      ᠠᠬᠠᠮᠠᠳ ᠺᠠᠳ᠋ᠷᠴᠤᠳ ᠤᠨ ᠬᠦᠳᠡᠯᠭᠡᠭᠡᠨ ᠤ ᠲᠥᠪ ᠲᠤ ᠪᠣᠯᠪᠠᠰᠤᠷᠠᠯ ᠤᠨ ᠲᠠᠰᠤᠭ᠂ ᠪᠡᠶ᠎ᠡ ᠴᠢᠭᠢᠷᠠᠭᠵᠢᠭᠤᠯᠬᠤ ᠭᠡᠷ᠂ ᠫᠢᠩᠫᠠᠩ ᠪᠥᠮᠪᠦᠭᠡ ᠶᠢᠨ ᠲᠠᠰᠤᠭ᠂ ᠴᠢᠴᠢᠭᠦᠷ ᠪᠥᠮᠪᠦᠭᠡ ᠶᠢᠨ ᠲᠠᠰᠤᠭ᠂ ᠤᠷᠠᠨ ᠪᠢᠴᠢᠯᠭᠡ ᠤᠷᠠᠨ ᠵᠢᠷᠤᠭ ᠤᠨ ᠲᠠᠰᠤᠭ᠂ 5D ᠺᠢᠨᠣ᠋ ᠶᠢᠨ ᠣᠷᠳᠣᠨ᠂ ᠣᠯᠠᠨ ᠴᠢᠳᠠᠮᠵᠢᠲᠤ ᠲᠢᠩᠬᠢᠮ ᠵᠢᠴᠢ ᠡᠭᠦᠳᠡᠨ ᠪᠥᠮᠪᠦᠭᠡ ᠵᠡᠷᠭᠡ ᠭᠡᠷ ᠤᠨ ᠭᠠᠳᠠᠨᠠᠬᠢ ᠬᠥᠳᠡᠯᠭᠡᠭᠡᠨ ᠤ ᠲᠠᠯᠠᠪᠤᠷ ᠲᠠᠢ ᠪᠠᠶᠢᠵᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠲᠤ ᠰᠣᠶᠣᠯ ᠤᠷᠠᠯᠢᠭ ᠤᠨ ᠰᠤᠷᠤᠯᠴᠠᠯᠭ᠎ᠠ᠂ ᠠᠮᠠᠷᠠᠵᠤ ᠵᠤᠭ᠎ᠠ ᠴᠡᠩᠭᠡᠯ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠵᠡᠷᠭᠡ ᠦᠢᠯᠡᠴᠢᠯᠡᠭᠡᠨ ᠤ ᠲᠥᠷᠥᠯ ᠵᠦᠢᠯ ᠢ ᠬᠠᠩᠭᠠᠵᠤ᠂ ᠰᠢᠶᠠᠨ ᠤ ᠳᠣᠲᠣᠷᠠᠬᠢ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠡᠳᠦᠷ ᠲᠤᠲᠤᠮ ᠤᠨ ᠠᠵᠢᠯᠯᠠᠭ᠎ᠠ ᠶᠢᠨ ᠬᠡᠷᠡᠭᠴᠡᠭᠡ ᠶᠢ ᠲᠦᠢᠯ ᠤᠨ ᠶᠡᠭᠡ ᠪᠠᠷ ᠬᠠᠩᠭᠠᠵᠤ᠂ ᠴᠥᠭᠡᠨ ᠪᠤᠰᠤ ᠨᠠᠰᠤᠲᠠᠶᠢᠴᠤᠳ ᠪᠠᠰᠠ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠤᠯᠤᠰ ᠲᠥᠷᠥ ᠶᠢᠨ ᠣᠨᠣᠯ ᠢ ᠰᠤᠷᠤᠯᠴᠠᠵᠤ᠂ ᠨᠣᠮ ᠤᠩᠰᠢᠵᠤ ᠰᠣᠨᠢᠨ ᠦᠵᠡᠬᠦ ᠶᠢᠨ ᠬᠠᠮᠲᠤ ᠠᠳᠡ ᠪᠠᠰᠠ ᠴᠠᠭ ᠲᠣᠭᠲᠠᠭᠠᠬᠤ ᠦᠭᠡᠢ ᠬᠤᠭᠤᠷ ᠤᠨ ᠰᠢᠲᠠᠷ᠎ᠠ ᠶᠢᠨ ᠤᠷᠠᠨ ᠪᠢᠴᠢᠯᠭᠡ ᠤᠷᠠᠨ ᠵᠢᠷᠤᠭ ᠂ ᠳᠠᠭᠤ ᠬᠥᠭᠵᠢᠮ ᠪᠥᠵᠢᠭ ᠵᠡᠷᠭᠡ ᠡᠯ᠎ᠡ ᠵᠦᠢᠯ ᠤᠨ ᠬᠠᠪᠰᠤᠷᠤᠨ ᠵᠢᠯᠣᠭᠤᠳᠬᠤ ᠶᠢ ᠰᠣᠩᠭᠤᠵᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠥᠲᠡᠯᠦᠭᠡ ᠨᠠᠰᠤᠨ ᠤ ᠵᠢᠭᠠᠨ ᠰᠤᠷᠭᠠᠯᠲᠠ ᠲᠠᠢ᠂ ᠥᠲᠡᠯᠦᠭᠡ ᠨᠠᠰᠤᠨ ᠳᠠᠭᠠᠨ ᠰᠤᠷᠭᠠᠯᠲᠠ ᠲᠠᠢ᠂ ᠥᠲᠡᠯᠦᠭᠡ ᠨᠠᠰᠤᠨ ᠳᠠᠭᠠᠨ ᠦᠢᠯᠡ ᠠᠵᠢᠯᠯᠠᠭ᠎ᠠ ᠲᠠᠢ ᠪᠣᠯᠭᠠᠪᠠ᠃    ᠡᠭᠦᠨ ᠤ ᠬᠠᠮᠲᠤ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠮᠢᠳᠤᠷᠠᠯ ᠢ ᠲᠡᠭᠦᠯᠳᠡᠷᠵᠢᠭᠦᠯᠵᠦ᠂ ᠪᠠᠶᠠᠷ ᠬᠥᠷ ᠲᠠᠢ᠂ ᠡᠷᠡᠭᠦᠯ ᠮᠡᠨᠳᠦ ᠪᠣᠯᠭᠠᠬᠤ ᠶᠢᠨ ᠲᠥᠯᠥᠭᠡ᠂ ᠮᠠᠨ ᠤ ᠰᠢᠶᠠᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠦᠢᠯᠡᠴᠢᠯᠡᠭᠡ ᠶᠢ ᠲᠠᠰᠤᠷᠠᠯᠳᠠ ᠦᠭᠡᠢ ᠨᠡᠶᠢᠭᠡᠮ ᠲᠣᠭᠤᠷᠢᠭ ᠲᠡᠶᠢᠰᠢ ᠥᠷᠭᠡᠳᠬᠡᠵᠦ᠂ ᠨᠡᠶᠢᠭᠡᠮ ᠲᠣᠭᠤᠷᠢᠭ ᠤᠨ ᠡᠬᠢ ᠪᠠᠶᠠᠯᠢᠭ ᠢ ᠭᠦᠢᠴᠡᠳ ᠠᠭᠤᠳᠠᠯᠤᠨ ᠨᠡᠶᠢᠳᠬᠡᠵᠦ᠂ ᠵᠢᠱᠢᠶᠡᠯᠡᠪᠡᠯ ᠬᠤᠩ ᠮᠤᠤ ᠪᠠᠯᠭᠠᠰᠤ ᠶᠢᠨ ᠢ ᠬᠠᠢ᠂ ᠮᠦᠸᠧ ᠯᠢ ᠾᠧ᠂ ᠰᠢᠤᠸᠠᠨ ᠳ᠋ᠧ ᠵᠡᠷᠭᠡ ᠨᠡᠶᠢᠭᠡᠮ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠲᠠᠰᠤᠭ᠂ ᠨᠠᠰᠤᠵᠢᠯ ᠤᠨ ᠦᠢᠯᠡᠴᠢᠯᠡᠭᠡᠨ ᠤ ᠲᠠᠰᠤᠭ ᠵᠡᠷᠭᠡ ᠡᠬᠢ ᠪᠠᠶᠠᠯᠢᠭ ᠢ ᠨᠡᠶᠢᠳᠬᠡᠵᠦ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠲᠤ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ᠂ ᠤᠳᠬ᠎ᠠ ᠤᠷᠠᠯᠢᠭ ᠤᠨ ᠰᠣᠯᠢᠯᠴᠠᠭ᠎ᠠ ᠵᠡᠷᠭᠡ ᠶᠢ ᠨᠢᠭᠡ ᠴᠤᠬᠴᠠᠵᠢᠭᠤᠯᠤᠬᠰᠠᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠬᠠᠩᠭᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠥᠲᠡᠯᠦᠭᠡ ᠨᠠᠰᠤ ᠪᠠᠨ ᠪᠠᠶᠠᠷ ᠬᠦᠷ ᠲᠠᠢ ᠥᠩᠭᠡᠷᠡᠭᠦᠯᠦᠭᠰᠡᠨ ᠺᠠᠩ ᠯᠧ ᠵᠢᠶᠠ ᠣᠷᠣᠨ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠬᠦᠷᠲᠡᠮᠵᠢ ᠶᠢᠨ ᠲᠦᠷᠦᠭᠳᠡᠯ᠂ ᠬᠠᠷᠢᠶᠠᠯᠠᠭᠳᠠᠬᠤ ᠲᠦᠷᠦᠭᠳᠡᠯ ᠪᠠ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠪᠡ᠃                                             ᠨᠠᠶᠢᠷᠠᠭᠤᠯᠤᠭᠴᠢ᠄  ᠯᠢ ᠬᠤᠩ ᠢᠦᠢ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2