ᠰᠢᠶᠠᠨ ᠤ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/2
   4 ᠰᠠᠷ᠎ᠠ ᠶᠢᠨ 1 ᠤ ᠡᠳᠦᠷ᠂ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠵᠤ᠂ ᠬᠤᠷᠠᠯ ᠠᠴᠠ ᠰᠡᠷᠡᠮᠵᠢᠯᠡᠭᠦᠯᠬᠦ ᠬᠥᠮᠦᠵᠢᠯ ᠤᠨ ᠸᠢᠳᠢᠣ᠋ ᠶᠢ ᠲᠥᠪᠯᠡᠷᠡᠭᠦᠯᠦᠨ ᠦᠵᠡᠵᠦ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠩ ᠮᠢᠩ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᡂᠢ ᠵᠢᠶᠠᠨ ᠹᠧᠩ ᠬᠤᠷᠠᠯ ᠡᠷᠭᠢᠯᠡᠵᠦ᠂ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ ᠬᠤᠷᠠᠯ ᠳᠤ ᠣᠷᠣᠯᠴᠠᠪᠠ᠃    ᠵᠧᠩ ᠳ᠋ᠦᠩ ᠫᠢᠩ᠂ ᠠᠮᠵᠢᠯᠲᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠬᠦᠷᠦᠯᠴᠡᠬᠦ ᠦᠭᠡᠢ ᠲᠠᠯ᠎ᠠ ᠪᠠᠨ ᠤᠬᠠᠮᠰᠠᠷ ᠠᠴᠠ ᠪᠠᠨ ᠡᠷᠢᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠲᠠᠨᠢᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠡᠭᠦᠷᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠪᠠᠶᠢᠭᠤᠯᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭ᠎ᠠ ᠠᠩᠬᠠᠷᠴᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠶ᠃ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠬᠦ ᠶᠢ ᠪᠠᠷᠢᠮᠲᠠᠯᠠᠵᠤ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠬᠤ ᠤᠬᠠᠮᠰᠠᠷ ᠢᠶᠠᠨ ᠴᠢᠩᠭᠠᠳᠬᠠᠵᠤ᠂ ᠰᠤᠷᠲᠠᠯ ᠢ ᠰᠢᠯᠢᠳᠡᠭᠵᠢᠭᠦᠯᠬᠦ ᠶᠢ ᠰᠠᠶᠢᠲᠤᠷ ᠠᠳᠬᠤᠵᠤ᠂ ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ ᠦᠢᠯᠡᠳᠦᠯᠭᠡᠵᠢᠭᠦᠯᠬᠦ ᠬᠡᠷᠡᠭᠲᠡᠢ᠃    ᠵᠧᠩ ᠳ᠋ᠦᠩ ᠫᠢᠩ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠶᠠᠨ ᠵᠠᠮ ᠳᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠰᠤᠷᠲᠠᠯ ᠢᠶᠠᠨ ᠴᠥᠬᠦᠷᠡᠰᠢ ᠦᠭᠡᠢ ᠰᠠᠶᠢᠵᠢᠷᠠᠭᠤᠯᠵᠤ᠂ ᠰᠤᠷᠲᠠᠯ ᠴᠢᠬᠡᠴᠢ ᠣᠪᠣᠷ ᠲᠥᠪ᠂ ᠰᠡᠳᠬᠢᠯ ᠨᠢᠭᠡᠳᠦᠨ ᠪᠣᠳᠠᠲᠠᠢ ᠠᠵᠢᠯᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠬᠡᠯᠡᠪᠡ᠃    ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ᠂ ᠡᠯ᠎ᠡ ᠰᠢᠶᠠᠩ ᠪᠠᠯᠭᠠᠰᠤ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                             ᠨᠠᠶᠢᠷᠠᠭᠤᠯᠤᠭᠴᠢ᠄  ᠯᠢ ᠬᠤᠩ ᠢᠦᠢ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2