ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠬᠤᠶᠠᠳᠤᠭᠠᠷ ᠤᠯᠠᠷᠢᠯ ᠤᠨ ᠪᠦᠬᠦᠳᠡ ᠬᠤᠷᠠᠯ ᠵᠢᠴᠢ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/2
   4 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠬᠤᠶᠠᠳᠤᠭᠠᠷ ᠤᠯᠠᠷᠢᠯ ᠤᠨ ᠪᠦᠬᠦᠳᠡ ᠬᠤᠷᠠᠯ ᠵᠢᠴᠢ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︽ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠠᠵᠢᠯᠯᠠᠭ᠎ᠠ ᠶᠢ ᠰᠡᠷᠭᠡᠶᠢᠯᠡᠬᠦ ᠶᠢ ᠴᠢᠨᠠᠭᠰᠢᠳᠠ ᠴᠢᠩᠭᠠᠳᠬᠠᠬᠤ ᠲᠤᠬᠠᠢ ᠮᠡᠳᠡᠭᠳᠡᠯ︾ ᠢ ᠤᠯᠠᠮᠵᠢᠯᠠᠵᠤ᠂ 1 - 3 ᠰᠠᠷ᠎ᠠ ᠶᠢᠨ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠪᠣᠯᠤᠨ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠭᠰᠠᠨ ᠪᠠᠶᠢᠳᠠᠯ ᠢ ᠮᠡᠳᠡᠭᠳᠡᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠠᠮᠢᠶ᠎ᠠ ᠪᠦᠬᠦᠢ ᠠᠵᠢᠯ ᠪᠣᠯᠤᠨ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠬᠤᠷᠠᠯ ᠳᠤ ᠣᠷᠣᠯᠴᠠᠪᠠ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠢ ᠲᠡᠷᠢᠭᠦᠨ ᠪᠠᠶᠢᠷᠢᠨ ᠳᠤ ᠲᠠᠯᠪᠢᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠬᠠᠷᠢᠭᠤᠴᠠᠯᠭᠠᠲᠤ ᠰᠡᠳᠬᠢᠯᠭᠡ ᠶᠢ ᠢᠮᠠᠭᠲᠠ ᠪᠠᠷᠢᠮᠲᠠᠯᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠬᠦᠴᠦᠲᠡᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠪᠠᠷ ᠭᠤᠤᠯ ᠰᠢᠵᠢᠮ ᠪᠣᠯᠭᠠᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠢᠲᠠᠮᠠᠬᠠᠶ ᠬᠡᠶ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠪᠠᠷᠢᠯᠭ᠎ᠠ ᠶᠢᠨ ᠠᠵᠢᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠠᠯ ᠰᠡᠷᠭᠡᠶᠢᠯᠡᠬᠦ ᠰᠢᠲᠠᠭᠠᠬᠤ ᠶᠢ ᠴᠠᠭᠠᠵᠠᠯᠠᠬᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ᠃ ᠬᠢᠨᠠᠨ ᠵᠢᠯᠣᠭᠤᠳᠴᠤ ᠪᠠᠶᠢᠴᠠᠭᠠᠬᠤ ᠠᠷᠭ᠎ᠠ ᠪᠠᠷᠢᠯ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠡᠳᠡᠷᠬᠦ ᠰᠢᠬᠠᠮᠳᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠳᠠᠯᠠᠵᠤ᠂ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠭᠰᠠᠨ ᠪᠠᠶᠢᠴᠠᠭᠠᠯᠲᠠ ᠬᠢᠵᠦ᠂ ᠬᠢᠨᠠᠨ ᠵᠢᠯᠣᠭᠤᠳᠴᠤ ᠬᠢᠨᠠᠨ ᠰᠢᠯᠭᠠᠬᠤ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠢᠩᠳᠠᠯᠠᠬᠤ ᠬᠡᠷᠡᠭᠲᠡᠢ᠃ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠨᠠᠩ ᠪᠠᠲᠤ ᠪᠠᠬᠢ ᠤᠯᠤᠰ ᠲᠥᠷᠥ ᠶᠢᠨ ᠲᠣᠭᠲᠠᠯ ᠬᠦᠴᠦᠨ᠂ ᠨᠠᠩ ᠬᠦᠴᠦᠲᠡᠶ ᠠᠵᠢᠯ ᠤᠨ ᠠᠷᠭ᠎ᠠ ᠬᠡᠮᠵᠢᠶ᠎ᠡ ᠪᠠᠷ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠪᠡ  ᠃    ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                         ᠨᠠᠶᠢᠷᠠᠭᠤᠯᠤᠭᠴᠢ᠄  ᠯᠢ ᠬᠤᠩ ᠢᠦᠢ                                            ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2