ᠰᠢᠶᠠᠨ ᠤ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠄ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠵᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠬᠤᠷᠢᠭᠯᠠᠨ᠎ᠠ
ᠨᠡᠶᠢᠲᠡᠯᠡᠭᠰᠡᠨ ᠴᠠᠭ᠄
2024/4/2
   ᠥᠷᠭᠡᠨ ᠣᠯᠠᠨ ᠺᠠᠳ᠋ᠷ ᠣᠯᠠᠨ ᠲᠦᠮᠡᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠬᠤᠷᠢᠭᠯᠠᠬᠤ ᠶᠢᠨ ᠲᠤᠰᠠᠳᠠ᠂ ᠬᠥᠮᠦᠨ ᠪᠦᠬᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠣᠶᠢᠷ᠎ᠠ ᠶᠢᠨ ᠡᠳᠦᠷ ᠤᠳ ᠲᠤ᠂ ᠯᠢᠶᠠᠩᠴᠧᠩ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠡᠯ᠎ᠡ ᠰᠢᠶᠠᠩ ᠪᠠᠯᠭᠠᠰᠤ ᠵᠢᠴᠢ ᠭᠤᠤᠯᠳᠠᠯᠭ᠎ᠠ ᠲᠠᠢ ᠰᠢᠭᠤᠶᠢᠲᠤ ᠣᠷᠣᠨ᠂ ᠣᠷᠣᠨ ᠪᠠᠶᠢᠷᠢ ᠳᠤ ᠭᠦᠨᠵᠡᠭᠡᠶᠢᠷᠡᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠡᠯ᠎ᠡ ᠰᠢᠶᠠᠩ ᠪᠠᠯᠭᠠᠰᠤᠨ ᠤ ᠡᠯ᠎ᠡ ᠭᠠᠵᠠᠷ ᠲᠤ ᠭᠦᠨᠵᠡᠭᠡᠶᠢᠷᠡᠨ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠮᠡᠳᠡᠯᠭᠡ ᠶᠢ ᠲᠦᠭᠡᠮᠡᠯᠵᠢᠭᠦᠯᠵᠡᠶ᠃ ᠤᠬᠠᠭᠤᠯᠭ᠎ᠠ ᠪᠠᠷ ᠳᠠᠮᠵᠢᠭᠤᠯᠤᠨ ᠥᠷᠭᠡᠨ ᠣᠯᠠᠨ ᠲᠦᠮᠡᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠤᠤᠷ ᠬᠥᠨᠥᠭᠡᠯᠲᠦ ᠴᠢᠨᠠᠷ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠪᠠᠴᠢᠮ ᠪᠠᠶᠢᠳᠠᠯ ᠢ ᠠᠷᠭᠠᠴᠠᠵᠤ ᠠᠮᠢ ᠵᠢᠭᠤᠲᠠᠬᠤ ᠠᠷᠭ᠎ᠠ ᠶᠢ ᠨᠠᠷᠢᠨ ᠲᠠᠶᠢᠯᠪᠤᠷᠢᠯᠠᠨ ᠥᠭᠴᠦ᠂ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠣᠯᠠᠨ ᠲᠦᠮᠡᠨ ᠳᠤ ᠭᠦᠨᠵᠡᠭᠡᠶ ᠲᠠᠨᠢᠭᠤᠯᠪᠠ᠃ ᠠᠵᠢᠯᠲᠠᠳ ᠪᠠᠰᠠ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠶᠠᠩ ᠪᠠᠯᠭᠠᠰᠤᠨ ᠤ ᠺᠠᠳ᠋ᠷ ᠪᠣᠯᠤᠨ ᠣᠯᠠᠨ ᠲᠦᠮᠡᠨ ᠢ ᠲᠤᠬᠠᠶ ᠶᠢᠨ ᠭᠠᠵᠠᠷ ᠲᠤᠨᠢ ᠵᠢᠭᠠᠨ ᠵᠢᠯᠣᠭᠤᠳᠴᠤ᠂ ᠲᠡᠳᠡᠨ ᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠬᠢᠨ ᠬᠡᠷᠡᠭᠯᠡᠬᠦ᠂ ᠠᠩᠬ᠎ᠠ ᠡᠭᠦᠰᠦᠭᠰᠡᠨ ᠭᠠᠯ ᠤᠨ ᠠᠶᠤᠯ ᠢ ᠬᠡᠷᠬᠢᠨ ᠵᠣᠬᠢᠶᠠᠨ ᠪᠠᠶᠢᠭᠤᠯᠤᠨ ᠤᠨᠲᠠᠷᠠᠭᠠᠬᠤ ᠵᠡᠷᠭᠡ ᠬᠡᠷᠡᠭᠯᠡᠭᠡᠨ ᠤ ᠤᠷ᠎ᠠ ᠴᠢᠳᠠᠪᠤᠷᠢ ᠶᠢ ᠵᠢᠭᠠᠵᠤ ᠥᠭᠪᠡ᠃ ᠶᠦᠩ ᠰᠢᠩ ᠪᠠᠯᠭᠠᠰᠤᠨ ᠤ ᠳᠡᠳ᠋ ᠳᠠᠷᠤᠭ᠎ᠠ ᠯᠢ ᠬᠠᠢ ᠫᠢᠩ᠄ ︽ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠪᠣᠯ ᠮᠠᠨ ᠤ ᠪᠠᠯᠭᠠᠰᠤᠨ ᠤ ᠤᠢ ᠰᠢᠭᠤᠢ ᠨᠤᠲᠤᠭ ᠪᠡᠯᠴᠢᠭᠡᠷ ᠢ ᠬᠠᠮᠠᠭᠠᠯᠠᠬᠤ ᠲᠠᠯ᠎ᠠ ᠶᠢᠨ ᠭᠤᠣᠯ ᠠᠵᠢᠯ ᠪᠣᠯᠤᠨ᠎ᠠ᠂ ᠡᠨᠡ ᠵᠢᠯ ᠤᠬᠠᠭᠤᠯᠭ᠎ᠠ ᠬᠥᠮᠦᠵᠢᠯ ᠤᠨ ᠲᠠᠯ᠎ᠠ ᠪᠠᠷ ᠶᠡᠭᠡ ᠬᠦᠴᠦ ᠣᠷᠣᠭᠤᠯᠵᠤ᠂ ᠥᠷᠭᠡᠨ ᠤᠯᠠᠨ ᠲᠣᠰᠬᠤᠨ ᠤ ᠠᠷᠠᠳ ᠲᠦᠮᠡᠨ ᠤ ᠭᠠᠯ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠲᠣᠰᠬᠤᠨ ᠤ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠶ᠎ᠠ︾ ᠭᠡᠵᠦ ᠬᠡᠯᠡᠪᠡ᠃    ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠤᠯᠠᠨ ᠲᠦᠮᠡᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠠᠨ ᠲᠦᠮᠡᠨ ᠤ ᠭᠠᠯ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠨᠡᠮᠡᠭᠳᠡᠭᠦᠯᠦᠭᠰᠡᠨ ᠪᠥᠭᠡᠳ ᠪᠦᠬᠦ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠯ ᠤᠨ ᠠᠶᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ ᠪᠠᠶ ᠵᠢᠩ ᠲᠠᠨᠢᠯᠴᠠᠭᠤᠯᠬᠤ ᠳᠠᠭᠠᠨ᠂ ︽ᠣᠳᠣᠬᠠᠨ ᠳᠤ᠂ ᠨᠢᠭᠡᠨᠲᠡ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠬᠤᠭᠤᠴᠠᠭᠠᠨ ᠳᠤ ᠣᠷᠣᠵᠤ᠂ ᠬᠠᠩᠰᠢ ᠶᠢᠨ ᠡᠳᠦᠷ ᠠᠴᠠ ᠡᠮᠦᠨᠡᠬᠡᠨ᠂ ᠥᠷᠭᠡᠨ ᠣᠯᠠᠨ ᠰᠠᠭᠤᠭᠠᠯᠢ ᠠᠷᠠᠳ ᠲᠤ ᠪᠣᠯᠪᠠᠰᠤᠨ ᠢᠶᠠᠷ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠵᠤ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠭᠠᠯ ᠰᠡᠷᠭᠡᠶᠢᠯᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠮᠠᠨ ᠤ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ︾ ᠭᠡᠵᠡᠶ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2