ᠯᠢᠶᠠᠩᠴᠧᠩ ᠰᠢᠶᠠᠨ᠄ ᠲᠠᠷᠢᠶᠠᠯᠠᠩ ᠤᠨ ᠮᠠᠰᠢᠨ ᠤ ︽ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ︾ ᠨᠢ ᠲᠠᠷᠢᠶᠠᠯᠠᠩ ᠰᠠᠶᠢᠨ ︽ᠡᠯᠪᠡᠭ ᠬᠤᠷᠢᠶᠠᠯᠲᠠ︾ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2024/4/22
   ᠣᠶᠢᠷ᠎ᠠ ᠶᠢᠨ ᠡᠳᠦᠷ ᠤᠳ ᠲᠤ᠂ ᠠᠭᠠᠷ ᠤᠨ ᠳᠤᠯᠠᠭᠠᠨ ᠳᠤᠯᠠᠭᠠᠷᠠᠬᠤ ᠶᠢ ᠳᠠᠭᠠᠯᠳᠤᠨ᠂ ᠯᠢᠶᠠᠩᠴᠧᠩ ᠰᠢᠶᠠᠨ ᠤ ᠡᠯ᠎ᠡ ᠰᠢᠶᠠᠩ ᠪᠠᠯᠭᠠᠰᠤᠨ ᠤ ᠲᠠᠷᠢᠶᠠᠨ ᠭᠠᠵᠠᠷ ᠭᠠᠵᠠᠷ ᠪᠣᠯᠭᠠᠨ ᠳᠤ ᠶᠠᠭᠠᠷᠠᠯᠲᠠᠢ ᠪᠠᠶᠢᠳᠠᠯ ᠢᠯᠡᠷᠡᠪᠡ᠃ ᠰᠦᠯᠵᠢᠯᠳᠦᠭᠰᠡᠨ ᠲᠠᠷᠢᠶᠠᠯᠠᠩ ᠤᠨ ᠮᠠᠰᠢᠨ᠂ ᠰᠢᠷᠭᠠᠭᠤ ᠬᠠᠲᠠᠭᠤᠵᠢᠯᠲᠠᠶ ᠲᠠᠷᠢᠶᠠᠴᠢᠳ ᠲᠠᠷᠢᠶᠠᠨ ᠭᠠᠵᠠᠷ ᠲᠤ ᠶᠠᠭᠠᠷᠠᠵᠤ᠂ ᠣᠯᠠᠨ ᠢᠶᠠᠷ ᠢᠶᠠᠨ ᠪᠡᠯᠡᠳᠬᠡᠭᠰᠡᠨ ᠦᠷ᠎ᠡ᠂ ᠪᠣᠷᠲᠣᠭᠤᠷ ᠢᠶᠠᠨ ᠮᠠᠰᠢᠨ ᠳᠤ ᠬᠢᠵᠦ᠂ ᠳᠠᠷᠢᠬᠤ ᠮᠠᠰᠢᠨ ᠤ ᠬᠡᠰᠡᠭ ᠬᠡᠰᠡᠭ ᠬᠦᠩᠭᠢᠨᠡᠬᠦ ᠲᠠᠭᠤᠨ ᠢ ᠳᠠᠭᠠᠯᠳᠤᠨ᠂ ᠬᠠᠪᠤᠷ ᠤᠨ ᠲᠠᠷᠢᠶᠠᠯᠠᠭ᠎ᠠ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ  ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠯ᠎ᠠ᠃    4 ᠰᠠᠷ᠎ᠠ ᠶᠢᠨ 18 ᠤ ᠡᠳᠦᠷ᠂  ᠮᠠᠶᠢᠬᠤᠳᠤ ᠪᠠᠯᠭᠠᠰᠤᠨ ᠤ ᠱᠠ ᠪᠥ᠋ ᠽᠢ ᠲᠣᠰᠬᠤᠨ ᠳᠤ᠂ ᠲᠣᠮᠣ ᠡᠷᠦᠬᠡ ᠵᠣᠣ ᠵᠢᠦ ᠯᠦᠩ ᠤᠨ ᠵᠢᠷᠭᠤᠮᠰᠤᠭ ᠲᠠᠷᠢᠬᠤ ᠮᠠᠰᠢᠨ ᠶᠠᠭ ᠰᠠᠶᠢᠬᠠᠨ ᠰᠢᠰᠢ ᠳᠠᠷᠢᠬᠤ ᠠᠵᠢᠯ ᠥᠷᠨᠢᠭᠦᠯᠵᠦ ᠪᠠᠶᠢᠨ᠎ᠠ᠂ ᠲᠠᠷᠢᠶᠠᠯᠠᠩ ᠤᠨ ᠮᠠᠰᠢᠨᠴᠢᠳ ᠣᠲᠣ ᠶᠠᠭ ᠪᠣᠯᠪᠠᠰᠤᠷᠠᠩᠭᠤᠶ ᠲᠠᠷᠢᠶᠠᠯᠠᠩ ᠤᠨ ᠮᠠᠰᠢᠨ ᠢ ᠵᠢᠯᠣᠭᠤᠳᠤᠨ ᠣᠶᠤᠨᠴᠢ ᠠᠶᠠᠯᠠᠯ ᠵᠢᠯᠣᠭᠤᠳᠬᠤ ᠰᠢᠰᠲ᠋ᠧᠮ ᠤᠨ ᠳᠡᠮᠵᠢᠯᠭᠡ ᠳᠣᠤᠷ᠎ᠠ ᠲᠠᠷᠢᠶᠠᠨ ᠭᠠᠵᠠᠷ ᠲᠤ ᠨᠠᠰᠢ ᠴᠠᠰᠢ ᠰᠦᠯᠵᠢᠯᠳᠦᠵᠦ᠂ ᠲᠣᠭᠤᠰᠣ ᠰᠢᠷᠣᠶ ᠰᠠᠴᠤᠬᠤ ᠵᠠᠪᠰᠠᠷ ᠢᠶᠠᠷ ᠨᠢᠭᠡ ᠮᠥᠬᠦᠯᠢᠭ ᠦᠷ᠎ᠡ ᠳᠠᠷᠢᠬᠤ ᠮᠠᠰᠢᠨ ᠤ ᠤᠷᠪᠠᠭᠤᠯᠤᠯᠲᠠ ᠶᠢ ᠳᠠᠭᠠᠯᠳᠤᠨ ᠭᠠᠵᠠᠷ ᠰᠢᠷᠣᠶ ᠳᠤ ᠰᠠᠴᠤᠵᠤ᠂ ᠬᠥᠳᠡᠯᠭᠡᠭᠡᠨ ᠨᠢ ᠵᠠᠯᠭᠠᠯᠳᠤᠨ᠂ ᠴᠡᠪᠡᠷ ᠲᠣᠩᠭᠠᠯᠠᠭ ᠪᠠᠶᠢᠯ᠎ᠠ᠃    ᠮᠠᠰᠢᠨᠴᠢᠯᠠᠯᠲᠠ ᠪᠠᠷ ᠠᠵᠢᠯᠯᠠᠬᠤ᠂ ᠬᠡᠪᠴᠢᠶᠡᠵᠢᠭᠰᠡᠨ ︽ᠰᠢᠨ᠎ᠡ ᠶᠠᠰᠤ ᠴᠢᠨᠠᠷ ᠢᠶᠠᠷ ᠦᠢᠯᠡᠳᠪᠦᠷᠢᠯᠡᠬᠦ︾ ᠶᠢ ᠲᠠᠷᠢᠬᠤ ᠨᠢ ᠬᠠᠪᠤᠷ ᠤᠨ ᠲᠠᠷᠢᠶᠠᠯᠠᠭ᠎ᠠ ᠬᠠᠪᠤᠷ ᠤᠨ ᠲᠠᠷᠢᠶᠠᠯᠠᠭ᠎ᠠ ᠶᠢ ᠲᠦᠷᠭᠡᠳᠭᠡᠬᠦ ᠪᠠᠷ ᠪᠠᠷᠠᠬᠤ ᠦᠭᠡᠢ᠂ ᠲᠠᠷᠢᠶᠠᠴᠢᠳ ᠢ ︽ᠲᠠᠷᠢᠶ᠎ᠠ ᠲᠠᠷᠢᠪᠠᠯ ᠪᠡᠶ᠎ᠡ ᠬᠥᠩᠭᠡᠪᠴᠢᠯᠡᠬᠦ︾ ᠶᠢ ᠪᠡᠶᠡᠯᠡᠭᠦᠯᠪᠡ᠃ ᠨᠢᠳᠤᠨᠤᠨ᠂ ᠵᠣᠣ ᠵᠢᠦ ᠯᠦᠩ 600 ᠭᠠᠷᠤᠶ ᠮᠥ ᠰᠢᠰᠢ ᠳᠠᠷᠢᠵᠤ᠂ ᠡᠨᠡ ᠵᠢᠯ ᠪᠠᠰᠠ 100 ᠭᠠᠷᠤᠶ ᠮᠥ ᠨᠡᠮᠡᠭᠳᠡᠵᠦ᠂ ᠳᠠᠷᠢᠬᠤ ᠠᠷᠭ᠎ᠠ ᠮᠠᠶ᠋ᠢᠭ ᠲᠤ ᠴᠥᠮ ᠣᠶᠤᠨᠴᠢ ᠪᠠᠷ ᠵᠠᠮᠴᠢᠯᠠᠨ ᠳᠠᠷᠢᠬᠤ ᠮᠠᠰᠢᠨ ᠢᠶᠠᠷ ᠳᠠᠷᠢᠪᠠ᠃ ᠦᠷ᠎ᠡ ᠰᠠᠴᠤᠬᠤ ᠮᠠᠰᠢᠨ ᠳᠤ ᠤᠶᠤᠨᠴᠢᠯᠠᠭᠰᠠᠨ ᠵᠠᠮᠴᠢᠯᠠᠭ᠎ᠠ ᠶᠢᠨ ᠵᠢᠯᠤᠭᠤᠳᠬᠤ ᠰᠢᠰᠲ᠋ᠧᠮ ᠢ ᠨᠡᠮᠡᠨ ᠤᠭᠰᠠᠷᠠᠵᠤ᠂ ᠲᠤᠬᠢᠷᠠᠭᠤᠯᠤᠨ ᠲᠤᠭᠳᠠᠭᠠᠭᠰᠠᠨ ᠵᠠᠮ ᠱᠤᠭᠤᠮ ᠢᠶᠠᠷ ᠠᠦ᠋ᠲ᠋ᠤ᠋ ᠠᠶᠠᠯᠠᠭᠤᠯᠵᠤ ᠪᠤᠯᠤᠨ᠎ᠠ᠃ ᠣᠶᠤᠨᠴᠢ ᠤᠨ ᠠᠶᠠᠯᠠᠯ ᠤᠨ ᠰᠢᠰᠲ᠋ᠧᠮ ᠤᠨ ︽ᠵᠢᠯᠣᠭᠤᠳᠤᠯᠭ᠎ᠠ︾ ᠶᠢᠨ ᠳᠣᠣᠷ᠎ᠠ᠂ ᠲᠠᠷᠢᠶᠠᠯᠠᠩ ᠤᠨ ᠮᠠᠰᠢᠨ ᠰᠢᠯᠤᠭᠤᠨ ᠱᠤᠭᠤᠮ ᠢᠶᠠᠷ ᠶᠠᠪᠤᠵᠤ᠂ ᠲᠠᠷᠢᠶᠠᠯᠠᠩ ᠤᠨ ᠮᠠᠰᠢᠨ ᠤ ᠭᠠᠷ ᠭᠦᠢᠴᠡᠳᠬᠡᠯ ᠢ ᠪᠠᠭᠠᠰᠬᠠᠵᠤ᠂ ᠮᠢᠩᠭᠠᠨ  ᠮᠧᠲᠷ ᠠᠴᠠ ᠬᠡᠲᠦᠷᠡᠬᠦ ᠦᠭᠡᠢ ᠵᠥᠷᠢᠶ᠎ᠡ ᠶᠢᠨ ᠵᠥᠷᠢᠶ᠎ᠡ ᠶᠢ ᠬᠡᠳᠦᠨ  ᠰᠡᠨᠲᠢᠮᠧᠲᠷ ᠠᠴᠠ ᠬᠡᠲᠦᠷᠡᠭᠦᠯᠵᠦ ᠪᠣᠯᠬᠤ ᠦᠭᠡᠢ᠃     ᠲᠠᠷᠢᠮᠠᠯ ᠤᠨ ᠲᠣᠮᠣ ᠡᠷᠦᠬᠡ ᠵᠣᠣ ᠵᠢᠦ ᠯᠦᠩ ᠰᠤᠷᠪᠤᠯᠵᠢᠯᠠᠭᠴᠢ ᠳᠤ ᠬᠡᠯᠡᠬᠦ ᠳᠡᠭᠡᠨ᠄ ᠡᠨᠡ ᠵᠢᠯ ᠪᠠᠷᠤᠭ 700 ᠭᠠᠷᠤᠶ ᠮᠥ ᠰᠢᠰᠢ ᠳᠠᠷᠢᠵᠤ᠂ ᠨᠢᠳᠤᠨᠤᠨ ᠭᠤᠷᠪᠠᠨ ᠮᠠᠰᠢᠨ ᠬᠤᠳᠠᠯᠳᠤᠨ ᠠᠪᠴᠤ ᠵᠠᠮᠴᠢᠯᠠᠬᠤ ᠳᠤ ᠨᠡᠯᠢᠶᠡᠳ ᠰᠠᠶᠢᠨ ᠪᠠᠶᠢᠵᠤ᠂ ᠡᠨᠡ ᠵᠢᠯ ᠪᠠᠰᠠ 3 ᠮᠠᠰᠢᠨ ᠬᠤᠳᠠᠯᠳᠤᠨ ᠠᠪᠴᠤ᠂ ᠵᠠᠮᠴᠢᠯᠠᠬᠤ ᠳᠤ ᠪᠠᠰᠠ ᠨᠢᠭᠡ ᠵᠠᠮᠴᠢᠯᠠᠵᠤ᠂ ᠥᠪᠡᠷ ᠤᠨ 700 ᠭᠠᠷᠤᠶ ᠮᠥ ᠳᠡᠭᠡᠨ ᠬᠠᠮᠤᠭ ᠤᠨ ᠠᠷᠪᠢᠨ ᠳᠠᠭᠠᠨ 4 ᠡᠳᠦᠷ ᠳᠠᠷᠢᠵᠤ᠂ ᠲᠠᠷᠢᠵᠤ ᠪᠠᠷᠠᠭᠰᠠᠨ ᠤ ᠳᠠᠷᠠᠭ᠎ᠠ ᠪᠠᠰᠠ ᠡᠯ᠎ᠡ ᠲᠣᠮᠣ ᠲᠠᠷᠢᠮᠠᠯ ᠤᠨ ᠡᠷᠦᠬᠡ ᠳᠤ ᠣᠴᠢᠵᠤ ᠪᠤᠰᠤᠳ ᠬᠥᠮᠦᠨ ᠳᠤ ᠳᠠᠰᠬᠠᠯ ᠬᠢᠵᠦ᠂ ᠪᠠᠰᠠ ᠬᠡᠳᠦᠶ ᠵᠣᠭᠤᠰ ᠣᠯᠵᠤ ᠪᠣᠯᠤᠨ᠎ᠠ ᠭᠡᠵᠡᠶ᠃    ᠣᠶᠢᠯᠠᠭᠠᠭᠰᠠᠨ ᠢᠶᠠᠷ᠂ 2024 ᠣᠨ ᠤ ᠯᠢᠶᠠᠩᠴᠧᠩ ᠰᠢᠶᠠᠨ ᠤ ᠠᠮᠤ ᠪᠤᠳᠠᠭ᠎ᠠ ᠳᠠᠷᠢᠬᠤ ᠶᠡᠷᠦᠩᠬᠡᠶ ᠲᠠᠯᠠᠪᠠᠶ ᠵᠢᠱᠢᠯᠲᠡ ᠪᠠᠷ 95 ᠲᠦᠮᠡᠨ ᠮᠥ ᠪᠠᠶᠢᠵᠤ᠂ ᠡᠭᠦᠨ ᠳᠤ ᠡᠷᠳᠡᠨᠢ ᠰᠢᠰᠢ ᠳᠠᠷᠢᠬᠤ ᠲᠠᠯᠠᠪᠠᠶ 25 ᠲᠦᠮᠡᠨ ᠮᠥ᠂ ᠡᠯᠳᠡᠪ ᠠᠮᠤ᠂ ᠡᠯᠳᠡᠪ ᠪᠤᠷᠴᠠᠭ ᠳᠠᠷᠢᠬᠤ ᠲᠠᠯᠠᠪᠠᠶ 50 ᠲᠦᠮᠡᠨ ᠮᠥ᠂ ᠪᠤᠰᠤᠳ ᠲᠠᠷᠢᠮᠠᠯ 20 ᠲᠦᠮᠡᠨ ᠮᠥ ᠪᠠᠶᠢᠵᠤ᠂ ᠵᠢᠱᠢᠯᠲᠡ ᠪᠠᠷ 5 ᠰᠠᠷ᠎ᠠ ᠶᠢᠨ ᠳᠤᠮᠳᠠᠴᠢ ᠪᠠᠷ ᠪᠦᠬᠦᠨ ᠢ ᠳᠠᠷᠢᠵᠤ ᠳᠠᠭᠤᠰᠬᠠᠨ᠎ᠠ᠃ ᠡᠭᠦᠨ ᠤ ᠬᠠᠮᠲᠤ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠴᠤ ᠴᠢᠬᠢ ᠭᠠᠷᠭᠠᠬᠤ᠂ ᠪᠣᠷᠲᠣᠭᠤᠷ ᠨᠡᠮᠡᠬᠦ᠂ ᠡᠪᠡᠰᠦ ᠠᠷᠢᠯᠭᠠᠬᠤ ᠵᠡᠷᠭᠡ ᠠᠯᠢ ᠣᠯᠠᠨ ᠮᠥᠷᠳᠡᠨ ᠦᠢᠯᠡᠴᠢᠯᠡᠬᠦ ᠵᠢᠴᠢ ᠮᠡᠷᠭᠡᠵᠢᠯ ᠤᠨ ᠵᠢᠯᠣᠭᠤᠳᠣᠯᠭ᠎ᠠ ᠶᠢ ᠰᠠᠶᠢᠲᠤᠷ ᠬᠢᠵᠦ᠂ ᠳᠠᠷᠢᠬᠤ᠂ ᠴᠢᠬᠢᠯᠡᠵᠦ ᠳᠡᠶᠢᠯᠬᠦ᠂ ᠤᠨᠠᠯᠲᠠ ᠲᠠᠢ ᠪᠠᠶᠢᠬᠤ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠶᠢ ︽ᠬᠠᠮᠠᠭᠠᠯᠠᠪᠠ᠃                                     ᠨᠠᠶᠢᠷᠠᠭᠤᠯᠤᠭᠴᠢ᠄  ᠯᠢ ᠬᠤᠩ ᠢᠦᠢ                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2