ᠯᠢᠶᠠᠩᠴᠧᠩ ᠰᠢᠶᠠᠨ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ 4 ᠰᠠᠷ᠎ᠠ ᠶᠢᠨ 23 ᠤ ᠳᠡᠯᠡᠬᠡᠢ ᠶᠢᠨ ᠨᠣᠮ ᠤᠩᠰᠢᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/24
   29 ᠳ᠋ᠦᠭᠡᠷ ︽ᠳᠡᠯᠡᠬᠡᠶ ᠶᠢᠨ ᠨᠣᠮ ᠤᠩᠰᠢᠬᠤ ᠡᠳᠦᠷ︾ ᠬᠦᠷᠴᠦ ᠢᠷᠡᠬᠦ ᠲᠠᠰᠢᠷᠠᠮ ᠳᠤ᠂ ᠣᠯᠠᠨ ᠨᠡᠶᠢᠲᠡ ᠶᠢᠨ ᠨᠣᠮ ᠤᠨ ᠰᠠᠩ ᠤᠨ ᠰᠣᠶᠣᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ᠂ ᠪᠥᠬᠦ ᠠᠷᠠᠳ ᠤᠨ ᠤᠩᠰᠢᠯᠭ᠎ᠠ ᠶᠢᠨ ᠰᠢᠰᠲ᠋ᠧᠮ ᠢ ᠪᠠᠶᠢᠭᠤᠯᠬᠤ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 4 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠤᠨ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠬᠠᠮᠢᠶ᠎ᠠ ᠪᠥᠬᠦᠶ ᠨᠢᠭᠡᠴᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠯᠢᠶᠠᠩᠴᠧᠩ ᠰᠢᠶᠠᠨ ᠤ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠨᠣᠮ ᠤᠨ ᠰᠠᠩ ᠢ ᠳᠠᠬᠢᠨ ᠢᠯᠡᠷᠡᠭᠦᠯᠵᠦ᠂ ᠣᠲᠣ ᠦᠶ᠎ᠡ ᠶᠢᠨ ᠪᠣᠯᠪᠠᠰᠤᠨ ᠢ ᠬᠠᠮᠲᠤ ᠪᠠᠷ ᠤᠩᠰᠢᠬᠤ︾ ᠭᠡᠬᠦ ᠭᠤᠤᠯ ᠰᠡᠳᠦᠪᠲᠦ ᠠᠵᠢᠯᠯᠠᠭ᠎ᠠ ᠶᠢ ᠡᠷᠭᠢᠯᠡᠪᠡ᠃      ᠡᠴᠢᠭᠡ ᠡᠬᠡ ᠦᠷ᠎ᠡ ᠬᠡᠤᠬᠡᠳ ᠤᠨ ᠤᠩᠰᠢᠯᠭ᠎ᠠ ᠶᠢᠨ ᠠᠵᠢᠯᠯᠠᠭ᠎ᠠ ᠨᠢ ᠭᠡᠷ ᠤᠨ ᠠᠬᠠᠮᠠᠳ ᠲᠠᠢ ᠬᠡᠤᠬᠡᠳ ᠲᠠᠢ ᠪᠠᠨ ᠬᠠᠮᠲᠤ ᠨᠢᠭᠡ ᠳᠡᠪᠲᠡᠷ ᠨᠣᠮ ᠤᠩᠰᠢᠵᠤ᠂ ᠲᠤᠬᠠᠶ ᠶᠢᠨ ᠲᠠᠯᠠᠪᠤᠷ ᠲᠤ ᠲᠥᠷᠥᠭᠳᠡᠯ ᠢᠶᠠᠨ ᠬᠤᠪᠢᠶᠠᠯᠴᠠᠬᠤ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠨᠠᠩ ᠣᠯᠠᠨ ᠬᠡᠷ ᠪᠦᠯᠢ ᠪᠠ ᠬᠡᠤᠬᠡᠳ ᠤᠨ ᠤᠩᠰᠢᠯᠭ᠎ᠠ ᠶᠢ ᠰᠤᠷᠴᠤ᠂ ᠨᠣᠮ ᠤᠩᠰᠢᠬᠤ ᠳᠤᠷᠠᠲᠠᠶ᠂ ᠤᠩᠰᠢᠯᠭ᠎ᠠ ᠶᠢᠨ ᠳᠤᠷᠠᠲᠠᠶ ᠪᠣᠯᠭᠠᠵᠤ᠂ ᠨᠣᠮ ᠤᠨ ᠦᠨᠦᠷ ᠢ ᠬᠡᠷ ᠪᠦᠯᠢ ᠳᠤ ᠰᠢᠩᠭᠡᠭᠡᠬᠦ ᠶᠢ ᠬᠥᠲᠥᠯᠦᠨ ᠳᠠᠭᠠᠭᠤᠯᠬᠤ ᠪᠠ ᠰᠠᠨᠠᠭᠠᠴᠢᠯᠠᠪᠠ᠃ ᠠᠵᠢᠯᠯᠠᠭ᠎ᠠ ᠳᠤ ᠣᠷᠣᠯᠴᠠᠭᠰᠠᠨ ᠪᠠᠭ᠎ᠠ ᠰᠤᠷᠭᠠᠭᠤᠯᠢ ᠶᠢᠨ ᠰᠤᠷᠤᠭᠴᠢᠳ ︽ᠳᠤᠮᠳᠠᠳᠤ ᠤᠯᠤᠰ ᠤᠨ ᠦᠯᠢᠭᠡᠷ︾᠂ ᠳᠠᠭᠤᠤ ︽ᠦᠷ᠎ᠡ ᠬᠡᠦᠬᠡᠳ︾᠂ ᠪᠥᠵᠢᠭ ︽ᠳ᠋ᠦᠨᠬᠤᠸᠠᠩ︾ ᠵᠡᠷᠭᠡ ᠲᠣᠭᠯᠠᠯᠲᠠ ᠭᠠᠷᠭᠠᠵᠤ᠂ ᠠᠵᠢᠯᠯᠠᠭ᠎ᠠ ᠳᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠨᠢ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠤᠩᠰᠢᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠨᠡᠶᠢᠭᠡᠮ ᠳᠤ ︽ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠶ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃      ᠠᠵᠢᠯᠯᠠᠭ᠎ᠠ ᠶᠢᠨ ᠳᠤᠮᠳᠠ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠪᠢᠴᠢᠬᠠᠨ ᠨᠠᠶᠢᠵᠠ ᠨᠠᠷ ᠲᠤ ᠳᠤᠷᠠᠰᠬᠠᠯ ᠤᠨ ᠡᠳ᠋ ᠣᠯᠭᠤᠵᠤ᠂ ᠠᠵᠢᠯᠯᠠᠭ᠎ᠠ ᠳᠤ ᠣᠷᠣᠯᠴᠠᠭᠰᠠᠨ ᠬᠤᠯᠪᠣᠭᠳᠠᠯ ᠪᠦᠬᠦᠢ ᠪᠠᠶᠢᠭᠤᠯᠤᠮᠵᠢ ᠳᠤ ᠱᠠᠩᠨᠠᠯ ᠣᠯᠭᠤᠪᠠ᠃ ᠬᠥᠳᠡᠯᠭᠡᠭᠡᠨ ᠳᠤ ᠣᠷᠣᠯᠴᠠᠭᠰᠠᠨ ᠭᠡᠷ ᠤᠨ ᠠᠬᠠᠮᠠᠳ ᠪᠠᠢ ᠢᠦᠢ ᠯᠠᠨ ᠬᠡᠯᠡᠭᠰᠡᠨ ᠨᠢ᠄ ︽ᠪᠢ ᠰᠠᠶᠢᠨ ᠨᠣᠮ ᠤᠩᠰᠢᠵᠤ᠂ ᠰᠠᠶᠢᠲᠤᠷ ᠨᠣᠮ ᠤᠩᠰᠢᠵᠤ᠂ ᠰᠣᠯᠢᠵᠤ ᠠᠪᠴᠢᠷᠠᠭᠰᠠᠨ ᠶᠠᠪᠤᠳᠠᠯ ᠪᠣᠯ ᠠᠳᠠᠯᠢ ᠪᠤᠰᠤ ᠬᠥᠮᠦᠨ ᠤ ᠠᠮᠢᠳᠤᠷᠠᠯ ᠢ ᠰᠣᠩᠭᠤᠬᠤ ᠡᠷᠬᠡ ᠪᠣᠯᠤᠨ᠎ᠠ᠃ ᠨᠢᠭᠡ ᠳᠡᠪᠲᠡᠷ ᠰᠠᠶᠢᠨ ᠨᠣᠮ ᠤᠩᠰᠢᠭᠰᠠᠨ ᠨᠢ ᠶᠠᠭ ᠨᠢᠭᠡ ᠰᠠᠶᠢᠨ ᠨᠠᠶᠢᠵᠠ ᠪᠠᠨ ᠡᠷᠢᠵᠦ ᠣᠯᠣᠭᠰᠠᠨ ᠰᠢᠭ᠂ ᠲᠡᠷᠡ ᠨᠢ ᠬᠡᠦᠬᠡᠳ ᠤᠨ ᠬᠠᠷᠠᠭ᠎ᠠ ᠶᠢ ᠦᠷᠭᠡᠳᠭᠡᠵᠦ᠂ ᠥᠩᠭᠡᠷᠡᠯᠲᠡ ᠶᠢ ᠪᠠᠶᠠᠯᠢᠭᠵᠢᠭᠤᠯᠳᠠᠭ᠃ ᠲᠣᠰ ᠤᠳᠠᠭᠠᠨ ᠤ ᠠᠵᠢᠯᠯᠠᠭ᠎ᠠ ᠨᠢ ᠬᠡᠤᠬᠡᠳ ᠲᠤ ᠨᠣᠮ ᠤᠩᠰᠢᠬᠤ ᠴᠢᠬᠤᠯᠠ ᠴᠢᠨᠠᠷ ᠢ ᠲᠠᠨᠢᠭᠤᠯᠵᠤ᠂ ᠬᠤᠶᠢᠰᠢᠳᠠ ᠨᠣᠮ ᠪᠢᠴᠢᠭ ᠢ ᠥᠷᠭᠡᠨ ᠳᠡᠯᠭᠡᠷ ᠤᠩᠰᠢᠵᠤ᠂ ᠨᠣᠮ ᠤᠩᠰᠢᠬᠤ ᠳᠤᠷᠠᠲᠠᠶ ᠰᠠᠶᠢᠨ ᠳᠠᠳᠬᠠᠯ ᠢ ᠬᠥᠮᠦᠵᠢᠭᠦᠯᠳᠡᠭ︾ ᠭᠡᠪᠡ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2