ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 4 ᠳ᠋ᠤᠭᠡᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/24
   4 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠳᠥᠷᠪᠡᠳᠦᠭᠡᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠢ ᠡᠷᠬᠢᠯᠡᠵᠦ᠂ ᠰᠢᠶᠠᠨ ᠤ ᠤᠳᠤᠷᠢᠳᠤᠯᠭ᠎ᠠ ᠵᠧᠩ ᠳ᠋ᠦᠩ ᠫᠢᠩ᠂ ᠵᠤᠤ ᠷᠦᠢ ᠵᠢᠴᠢ ᠡᠯ᠎ᠡ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠣᠷᠣᠯᠴᠠᠪᠠ᠃    ᠬᠤᠷᠠᠯ ᠠᠴᠠ ︽ᠦᠨᠡᠨ︾ ᠰᠡᠳᠬᠦᠯ ᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠡᠷᠬᠡᠪᠰᠢ ᠠᠷᠠᠳ ᠲᠦᠮᠡᠨ ᠢ ᠳᠡᠭᠡᠳᠦᠯᠡᠬᠦ︾ ᠶᠢ ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠲᠣᠭᠤᠷᠢᠨ ᠪᠠᠶᠢᠴᠠᠭᠠᠬᠤ ᠠᠵᠢᠯ᠂ ᠱᠠᠰᠢᠨ ᠰᠤᠷᠲᠠᠬᠤᠨ ᠤ ᠣᠨᠣᠯ ᠪᠣᠯᠤᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ᠂ ᠦᠵᠡᠯ ᠰᠠᠨᠠᠭ᠎ᠠ ᠤᠯᠤᠰ ᠲᠥᠷᠥ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠤᠲᠠ ᠶᠢᠨ ᠨᠠᠮ ᠤᠨ ᠬᠤᠷᠢᠶᠠᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠭᠰᠠᠨ ᠪᠥᠭᠡᠳ ᠲᠣᠭᠤᠷᠢᠨ ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ︽ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ︾ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠷᠠᠳ ᠤᠨ ᠲᠥᠯᠥᠭᠡ ᠲᠦᠷᠦ ᠪᠠᠷᠢᠬᠤ ᠤᠶᠤᠨ ᠤᠬᠠᠭᠠᠨ ᠪᠠ ᠬᠦᠴᠦᠨ ᠴᠢᠳᠠᠯ ᠢ ᠲᠠᠰᠤᠷᠠᠯᠲᠠ ᠦᠭᠡᠢ ᠰᠢᠩᠭᠡᠭᠡᠨ ᠠᠪᠴᠤ᠂ ᠮᠠᠨ ᠤ ᠰᠢᠶᠠᠨ ᠤ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠵᠠᠰᠠᠯᠲᠠ ᠵᠡᠷᠭᠡ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠨᠠᠷ ᠰᠠᠶᠢᠲᠠᠢ ᠢᠨᠵᠧᠨᠧᠷᠢᠩ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠨᠳᠦᠰᠦᠨ ᠱᠠᠲᠤᠨ ᠤ ︽ᠪᠢᠴᠢᠯ ᠢᠯᠵᠠᠷᠠᠯ︾ ᠢ ᠵᠠᠯᠬᠠᠭᠠᠨ ᠰᠢᠢᠳᠬᠡᠬᠦ᠂ ︽ᠭᠤᠷᠪᠠᠨ ᠠᠷᠪᠢᠨ ᠭᠤᠷᠪᠠᠨ ᠴᠥᠭᠡᠨ︾ ᠢ ᠴᠡᠭᠴᠡᠯᠡᠨ ᠵᠠᠰᠠᠬᠤ ᠵᠡᠷᠭᠡ ᠲᠠᠢ ᠨᠡᠪᠲᠡᠷᠡᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ᠃ ᠦᠵᠡᠯ ᠰᠠᠨᠠᠭᠠᠨ ᠤ ᠲᠠᠯ᠎ᠠ ᠠᠴᠠ ᠰᠢᠨ᠎ᠡ ᠪᠠᠶᠢᠳᠠᠯ ᠳᠣᠣᠷᠠᠬᠢ ᠨᠢᠭᠤᠴᠠ ᠶᠢ ᠬᠠᠮᠠᠭᠠᠯᠠᠬᠤ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃                                          ᠨᠠᠶᠢᠷᠠᠭᠤᠯᠤᠭᠴᠢ᠄   ᠶᠠᠩ  ᠿᠦᠢ ᠵᠧᠨ                                          ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2