ᠯᠢᠦ ᠶᠢᠨ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ 11 ᠳ᠋ᠤᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/24
   4 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 11 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠵᠢᠴᠢ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠷᠦᠢ ᠰᠤᠯᠠ ᠣᠷᠣᠯᠴᠠᠪᠠ᠃    ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ︾ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠬᠦ ᠲᠤᠬᠠᠶ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠮᠠᠨ ᠤ ᠰᠢᠶᠠᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠯᠢᠦ ᠶᠢᠨ ᠲᠤᠤ᠂ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠬᠠᠮᠠᠭᠠᠯᠠᠬᠤ᠂ ᠤᠯᠠᠮᠵᠢᠯᠠᠬᠤ᠂ ᠬᠥᠭᠵᠢᠭᠦᠯᠬᠦ ᠵᠡᠷᠭᠡ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠰᠠᠶᠢᠲᠤᠷ ᠬᠢᠬᠦ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠴᠢᠬᠤᠯᠠ ᠰᠠᠭᠤᠷᠢ ᠪᠣᠯᠭᠠᠵᠤ᠂ ᠰᠢᠨ᠎ᠡ ᠴᠠᠭ ᠦᠶ᠎ᠡ ᠶᠢᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠢᠯᠡᠳᠬᠡᠪᠡ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠲᠠᠢ ᠨᠢᠭᠡᠳᠦᠯᠲᠡᠢ ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠠᠬᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠣᠳᠠᠲᠤ ᠦᠷ᠎ᠡ ᠪᠦᠲᠦᠮᠵᠢ ᠶᠢ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠦᠨᠡᠨᠬᠦ ᠢᠯᠡᠷᠡᠭᠦᠯᠬᠦ ᠬᠡᠷᠡᠭᠲᠡᠢ᠃    ᠬᠤᠷᠠᠯ ᠠᠴᠠ ᠪᠠᠰᠠ ︽ᠯᠢᠶᠠᠩᠴᠧᠩ ᠰᠢᠶᠠᠨ ᠤ ︿ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠲᠤᠬᠠᠶ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ︾᠂ ︽ᠯᠢᠶᠠᠩᠴᠧᠩ ᠰᠢᠶᠠᠨ ᠤ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠶᠢᠨ ᠬᠡᠷᠡᠭᠵᠢᠭᠦᠯᠬᠦ ᠲᠥᠰᠦᠯ︾ ᠵᠡᠷᠭᠡ ᠠᠵᠢᠯ ᠤᠨ ᠲᠥᠰᠦᠯ ᠢ ᠬᠢᠨᠠᠨ ᠵᠥᠪᠯᠡᠪᠡ᠃                                                       ᠨᠠᠶᠢᠷᠠᠭᠤᠯᠤᠭᠴᠢ᠄   ᠶᠠᠩ  ᠿᠦᠢ ᠵᠧᠨ                                                       ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2