ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠬᠠᠶᠢᠷᠠᠲᠤ ᠡᠵᠢ︾ ᠬᠤᠤᠰᠯᠠᠯ | ᠪᠠᠶᠢᠭᠤᠯᠤᠨ ᠬᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ | ᠬᠠᠶᠢᠷᠠᠯᠠᠬᠤ ᠠᠵᠢᠯᠯᠠᠭ᠎ᠠ ᠶᠢᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠬᠤ ᠶᠢᠨ ᠲᠥᠯᠥᠭᠡ᠂ ︽ᠬᠠᠶᠢᠷ᠎ᠠ | ᠰᠡᠳᠭᠢᠯᠳᠦ ᠡᠵᠢ︾ ᠶᠢᠨ ᠬᠤᠤᠰᠯᠠᠯ ᠪᠠᠶᠢᠭᠤᠯᠤᠨ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠪᠠ᠃ 4 ᠰᠠᠷ᠎ᠠ ᠶᠢᠨ 26 ᠤ ᠡᠳᠦᠷ᠂ ᠰᠢᠶᠠᠨ ᠤ ᠡᠮᠡᠭᠲᠡᠶᠢᠴᠦᠳ ᠤᠨ | ᠬᠤᠯᠪᠣᠭᠠᠲᠤ ᠬᠤᠷᠠᠯ ᠠᠴᠠ ᠭᠤᠣᠯᠯᠠᠨ ᠡᠷᠬᠢᠯᠡᠭᠰᠡᠨ ︽ᠬᠠᠶᠢᠷ᠎ᠠ ᠰᠡᠳᠭᠢᠯᠳᠦ ᠡᠵᠢ︾ ᠬᠤᠣᠰᠯᠠᠨ ᠭᠡᠷ ᠢᠶᠠᠨ | ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ | ᠬᠠᠯᠠᠮᠵᠢᠯᠠᠨ ᠬᠠᠶᠢᠷᠠᠯᠠᠬᠤ ᠡᠬᠢᠯᠡᠯᠲᠡ ᠶᠢᠨ ᠶᠣᠰᠣᠯᠠᠯ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ | ᠶᠠᠪᠤᠭᠳᠠᠵᠤ᠂ ᠪᠦᠬᠦ ᠰᠢᠶᠠᠨ ᠤ ᠡᠯ᠎ᠡ ᠠᠵᠢᠯ ᠲᠦᠷᠦᠯ ᠤᠨ 50 ᠭᠠᠷᠤᠢ ︽ᠬᠠᠶᠢᠷ᠎ᠠ ᠰᠡᠳᠭᠢᠯᠳᠦ ᠡᠵᠢ︾ | ᠣᠷᠣᠯᠴᠠᠪᠠ᠃ | ᠶᠣᠰᠣᠯᠠᠯ ᠳᠡᠭᠡᠷ᠎ᠡ᠂ ᠵᠢᠷᠭᠤᠳᠤᠭᠠᠷ ᠰᠤᠮᠤ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠳᠡᠳ᠋ | ᠲᠡᠷᠢᠭᠦᠯᠡᠭᠴᠢ ᠸᠠᠩ ᠴᠢᠩ ᠬᠤᠸᠠ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ ᠪᠣᠯᠤᠨ ᠬᠠᠶᠢᠷ᠎ᠠ | ᠬᠠᠯᠠᠮᠵᠢ ᠶᠢᠨ ᠡᠵᠢ ᠪᠠᠨ ᠲᠥᠯᠥᠭᠡᠯᠡᠨ ᠰᠠᠨᠠᠭᠠᠴᠢᠯᠠᠭ᠎ᠠ ᠶᠢᠨ ᠪᠢᠴᠢᠭ ᠢ ᠤᠩᠰᠢᠵᠤ᠂ ᠦᠢᠯᠡ ᠠᠵᠢᠯᠯᠠᠭ᠎ᠠ ᠪᠠᠷ ᠢᠶᠠᠨ | ᠠᠮᠠᠯᠠᠯᠲᠠ ᠪᠠᠨ ᠦᠢᠯᠡᠳᠦᠯᠭᠡᠵᠢᠭᠦᠯᠵᠦ᠂ ᠬᠡᠦᠬᠡᠳ ᠨᠢᠭᠡᠪᠦᠷᠢ ᠶᠢ ᠳᠤᠯᠠᠭᠠᠴᠠᠭᠤᠯᠪᠠ︔ ᠰᠢᠶᠠᠨ ᠤ ᠡᠮᠡᠭᠲᠡᠢ ᠠᠵᠤ | ᠠᠬᠤᠶᠢᠯᠠᠯᠲᠠᠨ ᠤ ᠨᠡᠶᠢᠭᠡᠮᠯᠢᠭ ᠤᠨ ᠳᠠᠷᠤᠭ᠎ᠠ ᠭᠦᠸᠧ ᠱᠤ᠋ ᠰᠢᠶᠠ ᠡᠵᠢ ᠬᠠᠶᠢᠷ᠎ᠠ ᠶᠢᠨ ᠲᠥᠷᠥᠭᠳᠡᠯ ᠢᠶᠠᠨ | ᠬᠤᠪᠢᠶᠠᠯᠴᠠᠨ᠎ᠠ︔ ᠮᠢᠨ ᠰᠢᠶᠤᠤ ᠵᠢᠶᠦ᠋ᠨ ᠰᠢᠶᠠ ᠪᠠᠭᠰᠢ ᠣᠯᠠᠨ ᠳᠤ ︽ᠡᠮᠡᠭᠲᠡᠶᠢᠴᠦᠳ ᠤᠨ ᠵᠣᠷᠢᠭ ᠰᠠᠨᠠᠭ᠎ᠠ ᠶᠢ | ᠪᠠᠳᠠᠷᠠᠭᠤᠯᠤᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠢᠴᠢᠶᠡᠯ ᠣᠷᠣᠪᠠ᠃ | ︽ᠬᠠᠶᠢᠷ᠎ᠠ ᠰᠡᠳᠭᠢᠯᠳᠦ ᠡᠵᠢ︾ ᠬᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠪᠠ ᠬᠦᠴᠢᠷᠳᠡᠯ ᠳᠤ | ᠲᠤᠯᠭᠠᠷᠠᠭᠰᠠᠨ ᠬᠡᠤᠬᠡᠳ ᠢ ᠬᠤᠤᠰᠯᠠᠨ ᠬᠠᠯᠠᠮᠵᠢᠯᠠᠬᠤ ᠠᠵᠢᠯ ᠪᠣᠯ ᠨᠢᠭᠡᠨ ᠴᠢᠬᠤᠯᠠ ᠠᠴᠢ ᠬᠤᠯᠪᠣᠭᠳᠠᠯ ᠲᠠᠢ ᠠᠵᠢᠯ | ᠮᠥᠨ᠂ ᠭᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠲᠤ ︽ᠰᠡᠳᠬᠢᠯ ᠢ ᠨᠢ ᠬᠠᠶᠢᠷᠠᠯᠠᠬᠤ ᠬᠥᠮᠦᠨ ᠲᠠᠢ᠂ | ᠪᠡᠶ᠎ᠡ ᠪᠠᠨ ᠬᠠᠮᠠᠭᠠᠯᠠᠬᠤ ᠬᠥᠮᠦᠨ ᠲᠠᠢ᠂ ᠬᠥᠮᠦᠨ ᠢ ᠨᠢ ᠬᠠᠪᠰᠤᠷᠬᠤ ᠬᠥᠮᠦᠨ ᠲᠠᠢ︾ ᠭᠡᠳᠡᠭ ᠢ ᠭᠦᠨᠵᠡᠭᠡᠶ | ᠮᠡᠳᠡᠷᠡᠭᠦᠯᠵᠦ᠂ ︽ᠬᠠᠶᠢᠷ᠎ᠠ ᠬᠠᠯᠠᠮᠵᠢ ᠶᠢᠨ ᠡᠵᠢ︾ ᠶᠢ ᠠᠯᠬᠤᠮ ᠠᠯᠬᠤᠮ ᠢᠶᠠᠷ ᠬᠦᠴᠢᠷᠳᠡᠯ ᠳᠤ ᠲᠤᠯᠭᠠᠷᠠᠭᠰᠠᠨ | ᠬᠡᠤᠬᠡᠳ ᠤᠨ ᠠᠮᠢᠳᠤᠷᠠᠯ ᠤᠨ ᠪᠠᠶᠢᠳᠠᠯ ᠢ ᠮᠡᠳᠡᠬᠦ ᠬᠥᠮᠦᠨ᠂ ᠬᠠᠶᠢᠷ᠎ᠠ ᠰᠡᠳᠬᠢᠯᠭᠡ ᠶᠢᠨ ᠳᠣᠲᠣᠨᠣ ᠬᠥᠮᠦᠨ᠂ | ᠰᠤᠷᠤᠯᠴᠠᠯᠭ᠎ᠠ ᠶᠢᠨ ᠵᠠᠮᠴᠢᠯᠠᠭᠴᠢ ᠪᠠ ᠦᠰᠦᠨ ᠪᠤᠶᠢᠵᠢᠯᠲᠠ ᠶᠢᠨ ᠬᠠᠮᠠᠭᠠᠯᠠᠭᠴᠢ ᠪᠣᠯᠭᠠᠨ᠎ᠠ ᠭᠡᠪᠡ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |