ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 2024 ᠣᠨ ᠤ 9 ᠳ᠋ᠤᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/3
   4 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 9 ᠳ᠋ᠤᠭᠡᠷ ᠤᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠳᠣᠯᠣᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2024 ᠣᠨ ᠤ ᠠᠵᠢᠯ ᠤᠨ ᠭᠤᠤᠯᠳᠠᠯᠭ᠎ᠠ︾ ︽ᠯᠢᠶᠠᠩᠴᠧᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ 2024 ᠣᠨ ᠤ ᠵᠥᠪᠯᠡᠬᠦ ᠠᠵᠢᠯ ᠤᠨ ᠲᠥᠯᠥᠪᠯᠡᠭᠡ︾ ᠶᠢ ᠬᠢᠨᠠᠨ ᠵᠥᠪᠯᠡᠵᠦ᠂ ᠪᠥᠬᠦ ᠰᠢᠶᠠᠨ ᠤ ᠰᠤᠯᠠ ᠪᠤᠯᠠᠵᠤ ᠳᠤᠷ᠎ᠠ ᠪᠠᠷ ᠢᠶᠠᠨ ᠪᠤᠯᠠᠬᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠴᠡᠭᠴᠡᠯᠡᠨ ᠵᠠᠰᠠᠬᠤ᠂ ᠠᠯᠠᠰᠢᠨ ᠦᠬᠡᠷ ᠤᠨ ᠰᠦᠷᠦᠭᠵᠢᠯ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠨᠥᠬᠦᠪᠥᠷᠢ ᠵᠢᠴᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠵᠢᠴᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠤ ᠵᠢᠶᠠᠨ ᠵᠢᠶᠦ᠋ᠨ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠷᠦᠢ ᠰᠤᠯᠠ ᠣᠷᠣᠯᠴᠠᠵᠠᠢ᠃    ᠬᠤᠷᠠᠯ ᠠᠴᠠ᠂ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤᠲᠠᠢ ᠬᠡᠷᠡᠭᠯᠡᠬᠦ ᠶᠢ ᠠᠭᠤᠰᠤᠯᠴᠠᠭᠤᠯᠤᠨ ᠨᠡᠪᠲᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠯᠢᠶᠠᠩᠴᠧᠩ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠪᠠ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ  ᠵᠢᠯᠣᠭᠤᠳᠬᠤ ᠵᠡᠷᠭᠡ ᠡᠭᠦᠷᠭᠡ ᠴᠢᠳᠠᠪᠬᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠥᠭᠡᠷᠡᠴᠢᠯᠡᠯᠲᠡ ᠶᠢᠨ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠥᠭᠡᠷᠡᠴᠢᠯᠡᠯᠲᠡ ᠶᠢᠨ ᠡᠭᠦᠷᠭᠡ ᠶᠢ ᠨᠠᠷᠢᠨ ᠪᠣᠳᠠᠲᠠᠢ ᠠᠳᠬᠤᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃    ᠬᠤᠷᠠᠯ ᠠᠴᠠ᠂ ᠰᠤᠯᠠ ᠪᠤᠯᠠᠵᠤ ᠳᠤᠷ᠎ᠠ ᠪᠠᠷ ᠢᠶᠠᠨ ᠪᠤᠯᠠᠬᠤ ᠶᠢ ᠵᠠᠰᠠᠬᠤ ᠶᠢ ᠨᠢᠭᠡ ᠵᠦᠢᠯ ᠤᠨ ᠴᠢᠬᠤᠯᠠ ᠠᠵᠢᠯ ᠤᠨ ᠡᠭᠦᠷᠭᠡ ᠪᠣᠯᠭᠠᠵᠤ᠂ ᠠᠵᠢᠯ ᠤᠨ ᠠᠷᠭ᠎ᠠ ᠶᠢ ᠠᠩᠬᠠᠷᠴᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠪᠣᠯᠪᠠᠰᠤᠷᠠᠯ ᠢᠶᠠᠨ ᠴᠢᠩᠭᠠᠳᠬᠠᠬᠤ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠵᠤ᠂ ᠰᠠᠬᠢᠯᠭ᠎ᠠ ᠪᠠᠲᠤ ᠪᠠᠶᠢᠴᠠᠭᠠᠬᠤ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ  ᠭᠡᠵᠠᠢ᠃    ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                                  ᠨᠠᠶᠢᠷᠠᠭᠤᠯᠤᠭᠴᠢ᠄  ᠯᠢ ᠬᠤᠩ ᠢᠦᠢ                                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2