ᠯᠢᠶᠠᠩᠴᠧᠩ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ︾ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/3
   ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠠᠶᠢᠯᠢ ᠶᠢᠨ ᠠᠰᠢᠭ ᠦᠷᠭᠦᠯᠵᠢᠯᠡᠨ ᠮᠠᠨ ᠤ ᠰᠢᠶᠠᠨ ᠤ ᠡᠵᠡᠩᠨᠡᠯᠲᠡ ᠶᠢᠨ ᠭᠤᠤᠯ ᠴᠣᠭᠴᠠ ᠶᠢ ᠣᠯᠭᠤᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠯᠢᠶᠠᠩᠴᠧᠩ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠳ᠋ᠠᠶᠢᠬ᠎ᠠ ᠲᠠᠯᠠᠪᠠᠶ ᠳᠤ 33 ᠳ᠋ᠤᠭᠠᠷ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃
       ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠶᠢᠷ᠎ᠠ ᠳᠤ ᠰᠢᠨ᠎ᠡ ᠪᠠᠷ ᠨᠡᠶᠢᠲᠡᠯᠡᠭᠰᠡᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠨᠢᠭᠤᠷᠲᠠᠨ ᠤᠬᠠᠭᠤᠯᠵᠤ᠂ ᠪᠠᠰᠠ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠵᠡᠷᠭᠡ ᠭᠠᠶᠢᠯᠢ ᠶᠢᠨ ᠲᠥᠷᠥᠯ ᠢ ᠬᠠᠰᠤᠵᠤ ᠬᠡᠯᠲᠦᠷᠢᠭᠦᠯᠬᠦ ᠪᠠᠷ ᠭᠤᠶᠤᠴᠢᠯᠠᠨ ᠮᠡᠳᠡᠭᠦᠯᠬᠦ᠂  ᠡᠯᠧᠺᠲᠷᠤᠨ ᠪᠠᠷᠢᠮᠲᠠ ᠵᠡᠷᠭᠡ ᠲᠠᠯ᠎ᠠ ᠳᠤ ᠬᠤᠯᠪᠣᠭᠳᠠᠭᠰᠠᠨ ᠭᠠᠶᠢᠯᠢ ᠶᠢᠨ ᠮᠠᠳᠠᠭ ᠲᠠᠢ ᠠᠰᠠᠭᠤᠳᠠᠯ ᠤᠨ ᠲᠣᠭᠤᠷᠢᠨ ᠳᠤ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠪᠡ᠃ ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠠᠵᠢᠯᠲᠠᠳ ᠪᠠᠭᠤᠳᠠᠯ᠂ ᠬᠤᠪᠢ ᠶᠢᠨ ᠡᠷᠦᠬᠡ ᠶᠢᠨ ᠲᠤᠬᠠᠶ ᠶᠢᠨ ᠲᠠᠯᠠᠪᠤᠷ ᠲᠤ ᠬᠦᠷᠴᠦ ᠲᠡᠳᠡᠨ ᠳᠤ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠢᠯᠣᠭᠤᠳᠣᠯᠭ᠎ᠠ ᠬᠢᠵᠦ᠂ ᠭᠠᠶᠢᠯᠢ ᠲᠤᠰᠢᠶᠠᠭᠴᠢ ᠶᠢᠨ ᠠᠰᠠᠭᠤᠯᠲᠠ ᠶᠢ ᠬᠠᠷᠢᠭᠤᠯᠵᠤ ᠥᠭᠪᠡ᠃
   ᠬᠤᠪᠢ ᠡᠷᠦᠬᠡ ᠵᠠᠩ ᠮᠢᠨ᠄ ︽ᠰᠠᠶ᠋ᠢᠬᠠᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠠᠵᠢᠯᠲᠠᠨ ᠢᠶᠠᠷ ᠳᠠᠮᠵᠢᠭᠤᠯᠤᠨ ᠨᠠᠳᠠ ᠠᠴᠠ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠭᠠᠷ ᠤᠲᠠᠰᠤᠨ ᠤ App ᠠᠵᠢᠯᠯᠠᠭᠠᠨ ᠤ ᠵᠦᠭᠯᠡᠭᠦᠷ ᠢ ᠳᠡᠯᠭᠡᠷᠡᠭᠦᠯᠵᠦ᠂ ᠡᠨᠡ App ᠣᠯᠠᠨ ᠢᠶᠠᠷ ᠢᠶᠠᠨ ᠭᠠᠷ ᠤᠲᠠᠰᠤᠨ ᠳᠡᠭᠡᠷ᠎ᠡ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠣᠳᠣᠬᠤ ᠵᠢᠴᠢ ᠣᠨ ᠤ ᠮᠡᠳᠡᠭᠦᠯᠦᠯᠲᠡ ᠶᠢ ᠳᠥᠭᠦᠮᠬᠡᠨ ᠢᠶᠠᠷ ᠬᠢᠵᠦ ᠪᠣᠯᠤᠨ᠎ᠠ᠂ ᠥᠪᠡᠷ ᠤᠨ ᠭᠡᠷ ᠠᠴᠠ ᠪᠠᠨ ᠭᠠᠷᠬᠤ ᠦᠭᠡᠢ ᠪᠠᠷ ᠰᠦᠯᠵᠢᠶᠡᠨ ᠳᠡᠭᠡᠷ᠎ᠡ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠭᠦᠢᠴᠡᠳᠬᠡᠵᠦ ᠪᠣᠯᠤᠨ᠎ᠠ᠂ ᠡᠨᠡ APP ᠨᠢ ᠪᠢᠳᠡᠨ ᠳᠤ ᠠᠪᠴᠤ ᠬᠡᠯᠡᠪᠡᠯ ᠮᠠᠰᠢ ᠳᠥᠭᠦᠮ ᠶᠤᠮ︾ ᠭᠡᠵᠦ ᠬᠡᠯᠡᠪᠡ᠃
      ᠯᠢᠶᠠᠩᠴᠧᠩ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠯᠢ ᠴᠢ ᠹᠧᠩ᠄ ︽ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠰᠠᠭᠤᠭᠠᠯᠢ ᠠᠷᠠᠳ ᠨᠠᠶᠢᠵᠠ ᠨᠠᠷ ᠲᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠨᠠᠩ ᠣᠶᠢᠯᠠᠭᠠᠭᠤᠯᠵᠤ᠂ᠬᠤᠪᠢ ᠬᠥᠮᠦᠨ ᠤ ᠠᠮᠢᠳᠤᠷᠠᠯ ᠪᠠ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠭᠠᠶᠢᠯᠢ ᠶᠢᠨ ᠬᠠᠤᠯᠢ ᠶᠢᠨ ᠮᠡᠳᠡᠯᠭᠡ ᠶᠢ ᠰᠤᠷᠤᠯᠴᠠᠭᠤᠯᠵᠤ᠂ ᠣᠯᠠᠨ ᠳᠤ ᠴᠥᠮ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠪᠴᠢᠷᠠᠭᠰᠠᠨ ᠠᠰᠢᠭ ᠢ ᠡᠳ᠋ᠯᠡᠭᠦᠯᠵᠦ᠂ ᠪᠢᠳᠡ ᠪᠠᠰᠠ ᠰᠦᠯᠵᠢᠶᠡᠨ ᠳᠡᠭᠡᠷ᠎ᠡ ᠭᠦᠢᠴᠡᠳᠭᠡᠬᠦ ᠵᠠᠭᠪᠤᠷ ᠢ ᠲᠠᠰᠤᠷᠠᠯᠲᠠ ᠥᠬᠡᠶ ᠳᠡᠯᠭᠡᠷᠡᠭᠦᠯᠵᠦ᠂ ᠣᠯᠠᠨ ᠳᠤ ᠭᠠᠶᠢᠯᠢ ᠰᠦᠢᠳᠬᠡᠯ ᠤᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠲᠠᠯᠠᠪᠤᠷ ᠪᠠ ᠴᠠᠭ ᠤᠨ ᠬᠢᠵᠠᠭᠠᠷᠯᠠᠯ ᠢ ᠭᠥᠷᠳᠡᠬᠦ ᠥᠬᠡᠶ ᠪᠣᠯᠭᠠᠵᠤ᠂ ᠮᠠᠨ ᠤ ᠰᠠᠭᠤᠭᠠᠯᠢ ᠠᠷᠠᠳ ᠲᠤ ᠣᠶᠤᠨᠴᠢ ᠴᠠᠭ ᠦᠶ᠎ᠡ ᠶᠢᠨ ᠲᠥᠬᠦᠮ ᠨᠥᠬᠦᠴᠡᠯ ᠢ ᠡᠳ᠋ᠯᠡᠭᠦᠯᠦᠨ᠎ᠡ︾ ᠭᠡᠵᠦ ᠬᠡᠯᠡᠪᠡ᠃                                             ᠨᠠᠶᠢᠷᠠᠭᠤᠯᠤᠭᠴᠢ᠄  ᠯᠢ ᠬᠤᠩ ᠢᠦᠢ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2