ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠶᠢᠰᠦᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/3
  3 ᠰᠠᠷ᠎ᠠ ᠶᠢᠨ 27 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠶᠢᠰᠦᠳᠦᠭᠡᠷ ᠬᠤᠷᠠᠯ ᠬᠤᠷᠠᠯᠳᠤᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠷᠦᠢ ᠬᠤᠷᠠᠯ ᠢ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠰᠢᠤᠢ ᠸᠧᠨ ᠺᠠᠢ ᠰᠤᠯᠠ ᠣᠷᠣᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠳᠡᠳ᠋ ᠲᠡᠷᠢᠭᠦᠯᠡᠭᠴᠢ ᠣᠷᠣᠯᠴᠠᠪᠠ᠃ ᠬᠤᠷᠠᠯ ᠳᠤ ᠣᠷᠣᠯᠴᠠᠬᠤ ᠶᠣᠰᠣᠲᠠᠶ ᠬᠥᠮᠦᠨ 28 ᠪᠠᠶᠢᠵᠤ᠂ ᠪᠣᠳᠠᠲᠠᠶ ᠣᠷᠣᠯᠴᠠᠭᠰᠠᠨ ᠬᠥᠮᠦᠨ 23 ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠲᠦᠷᠢᠮ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃    ᠬᠤᠷᠠᠯ ᠠᠴᠠ ︽ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠬᠤᠷᠢᠶᠠᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠵᠥᠪᠯᠡᠬᠦ ᠵᠦᠢᠯ︾    ︵ᠲᠥᠰᠦᠯ︶᠂ ᠤᠯᠤᠰ ᠲᠦᠷᠦ ᠶᠢᠨ ᠵᠥᠪᠯᠡᠯᠭᠡᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ 2024 ᠣᠨ ᠤ ᠠᠵᠢᠯ ᠤᠨ ᠭᠤᠣᠯᠳᠠᠯᠭ᠎ᠠ ︵ᠬᠢᠨᠠᠨ ᠵᠥᠪᠯᠡᠬᠦ ᠨᠤᠤᠷᠠᠭ︶᠂ ᠤᠯᠤᠰ ᠲᠦᠷᠦ ᠶᠢᠨ ᠵᠥᠪᠯᠡᠯᠭᠡᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠭᠤᠣᠯᠳᠠᠯᠭ᠎ᠠ ᠲᠠᠢ ᠪᠠᠶᠢᠴᠠᠭᠠᠨ ᠰᠤᠳᠤᠯᠬᠤ ᠰᠡᠳᠦᠪ ︵ᠬᠢᠨᠠᠨ ᠵᠥᠪᠯᠡᠬᠦ ᠨᠤᠤᠷᠠᠭ︶᠂ ᠯᠢᠶᠠᠩᠴᠧᠩ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ 2024 ᠣᠨ ᠤ ᠲᠡᠷᠢᠭᠦᠯᠡᠭᠴᠢ ᠵᠢᠴᠢ ᠡᠲᠡᠭᠡᠳ ᠤᠨ ᠢᠯᠭᠠᠯ ᠤᠨ ᠪᠠᠶᠢᠴᠠᠭᠠᠨ ᠦᠵᠡᠬᠦ ᠠᠵᠢᠯ ᠤᠨ ᠲᠥᠰᠦᠯ ︵ᠬᠢᠨᠠᠨ ᠵᠥᠪᠯᠡᠬᠦ ᠨᠤᠤᠷᠠᠭ︶ ᠪᠣᠯᠤᠨ ︽2024 ᠣᠨ ᠤ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠵᠢᠯ ᠤᠨ ᠲᠥᠯᠥᠪᠯᠡᠭᠡ︾ ︵ᠬᠢᠨᠠᠨ ᠵᠥᠪᠯᠡᠬᠦ ᠨᠤᠤᠷᠠᠭ︶ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠥᠭᠦᠯᠡᠯᠲᠡ ᠠᠴᠠ ᠠᠷᠭ᠎ᠠ ᠵᠠᠮ ᠡᠷᠢᠵᠦ᠂ ᠠᠷᠭ᠎ᠠ ᠵᠠᠮ ᠡᠷᠢᠵᠦ᠂ ᠴᠢᠭᠯᠡᠯ ᠢ ᠲᠣᠳᠣᠷᠬᠠᠶᠢᠯᠠᠵᠤ᠂ ᠲᠣᠭᠲᠠᠯ ᠬᠦᠴᠦᠨ ᠢᠶᠠᠨ ᠴᠢᠩᠭᠠᠳᠬᠠᠵᠤ᠂ ᠴᠢᠳᠠᠮᠠᠭᠠᠢ ᠪᠠᠷ ᠠᠵᠢᠯᠯᠠᠵᠤ᠂ ᠬᠤᠪᠢ ᠨᠡᠮᠡᠷᠢ ᠦᠵᠡᠭᠦᠯᠬᠦ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠵᠠᠰᠠᠭ ᠠᠳᠠᠯᠢ ᠴᠢᠭᠯᠡᠯ ᠢᠶᠠᠷ ᠬᠦᠴᠦᠯᠡᠵᠦ᠂ ᠭᠤᠣᠯᠳᠠᠯᠭ᠎ᠠ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ ᠠᠮᠢᠳᠤᠷᠠᠯ ᠤᠨ ᠢᠳᠬᠠᠯ ᠦᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠰᠢᠶᠠᠨ ᠤ ᠬᠥᠭᠵᠢᠯᠲᠡ ᠳᠤ ᠬᠦᠴᠦᠨ ᠨᠡᠮᠡᠷᠢᠯᠡᠵᠦ᠂ ᠥᠷᠭᠡᠨ ᠤᠯᠠᠨ ᠠᠷᠠᠳ ᠲᠦᠮᠡᠨ ᠳᠤ ᠦᠭᠡ ᠬᠡᠯᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠪᠠᠶᠢᠩᠭᠤ ᠶᠢᠨ ᠭᠡᠰᠢᠭᠦᠳ ᠪᠦᠬᠦ ᠶᠠᠪᠤᠴᠠ ᠳᠤ ᠣᠷᠣᠯᠴᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠥᠪᠯᠡᠬᠦ ᠠᠵᠢᠯ᠂ ᠲᠤᠬᠠᠶᠢᠯᠠᠭᠰᠠᠨ ᠠᠵᠢᠯ ᠪᠣᠯᠤᠨ ᠡᠲᠡᠭᠡᠳ ᠤᠨ ᠢᠯᠭᠠᠯ ᠤᠨ ᠠᠵᠢᠯ ᠢ ᠠᠭᠤᠰᠤᠯᠴᠠᠭᠤᠯᠵᠤ᠂ ᠭᠡᠰᠢᠭᠦᠳ ᠤᠨ ᠦᠯᠢᠭᠡᠷ ᠳᠠᠭᠤᠷᠢᠶᠠᠯ᠂ ᠡᠲᠡᠭᠡᠳ ᠤᠨ ᠢᠯᠭᠠᠯ ᠤᠨ ᠲᠤᠯᠭᠠᠭᠤᠷᠢ᠂ ᠪᠦᠯᠬᠦᠮ ᠨᠡᠶᠢᠲᠡ ᠶᠢᠨ ᠲᠤᠯᠭᠠᠭᠤᠷᠢ ᠬᠦᠴᠦᠨ ᠪᠤᠯᠵᠤ᠂ ᠵᠥᠪᠯᠡᠬᠦ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃                                           ᠨᠠᠶᠢᠷᠠᠭᠤᠯᠤᠭᠴᠢ᠄  ᠯᠢ ᠬᠤᠩ ᠢᠦᠢ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2