【 ᠲᠠᠪᠤᠨ ᠵᠢᠱᠢᠶ᠎ᠡ ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ 】 ᠯᠢᠶᠠᠩᠴᠧᠩ ᠰᠢᠶᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ︽5 · 1︾ ᠤ ᠠᠮᠠᠷᠠᠯᠳᠠ ᠳᠤ ᠪᠥᠬᠦ ᠲᠠᠯ᠎ᠠ ᠪᠠᠷ ᠪᠡᠯᠡᠳᠬᠡᠯ ᠬᠢᠪᠡ
ᠨᠡᠶᠢᠲᠡᠯᠡᠭᠰᠡᠨ ᠴᠠᠭ᠄
2024/4/30
   ︽ᠲᠠᠪᠤᠨ ᠰᠠᠷ᠎ᠠ ᠶᠢᠨ ᠨᠢᠭᠡᠨ︾ ᠤ ᠠᠯᠲᠠᠨ ᠭᠠᠷᠠᠭ ᠬᠦᠷᠴᠦ  ᠢᠷᠡᠯ᠎ᠡ᠃ ᠣᠶᠢᠷ᠎ᠠ ᠶᠢᠨ ᠡᠳᠦᠷ ᠤᠳ ᠲᠤ᠂ ᠯᠢᠶᠠᠩᠴᠧᠩ ᠰᠢᠶᠠᠨ ᠤ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠵᠢᠭᠤᠯᠴᠢᠯᠠᠯ ᠤᠨ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠪᠠ ᠵᠢᠭᠤᠯᠴᠢᠯᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠴᠠ ᠭᠠᠷᠳᠠᠵᠤ᠂ ᠦᠵᠡᠮᠵᠢ ᠶᠢᠨ ᠣᠷᠣᠨ ᠤ ᠡᠯ᠎ᠡ ᠵᠦᠢᠯ ᠤᠨ ᠵᠢᠭᠤᠯᠴᠢᠯᠠᠯ ᠤᠨ ᠭᠥᠯᠢᠶᠡᠨ ᠠᠪᠬᠤ ᠪᠡᠯᠡᠳᠬᠡᠯ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠨᠠᠩ ᠰᠢᠯᠢᠳᠡᠭ ᠦᠢᠯᠡᠴᠢᠯᠡᠭᠡ᠂ ᠨᠠᠩ ᠭᠤᠶᠣ ᠰᠠᠶᠢᠬᠠᠨ ᠵᠢᠭᠤᠯᠴᠢᠯᠠᠯ ᠤᠨ ᠣᠷᠴᠢᠨ ᠲᠣᠭᠤᠷᠢᠨ ᠢᠶᠠᠷ ︽5 · 1︾ ᠤ ᠠᠮᠠᠷᠠᠯᠲᠠ ᠶᠢᠨ ᠬᠤᠭᠤᠴᠠᠭ᠎ᠠ ᠶᠢ ᠤᠭᠲᠤᠪᠠ᠃
   ᠰᠤᠷᠪᠤᠯᠵᠢᠯᠠᠭᠴᠢ ᠣᠯᠠᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠰᠤᠷᠪᠤᠯᠵᠢᠯᠠᠵᠤ᠂ ᠦᠵᠡᠮᠵᠢ ᠶᠢᠨ ᠣᠷᠣᠨ ᠤ ᠠᠵᠢᠯᠲᠠᠨ ᠤ ᠶᠠᠭᠠᠷᠠᠯᠲᠠᠶ ᠪᠠᠶᠢᠬᠤ ᠪᠠ ᠨᠠᠷᠢᠨ ᠨᠢᠮᠪᠠᠶ ᠪᠡᠯᠡᠳᠬᠡᠬᠦ ᠶᠠᠪᠤᠴᠠ ᠶᠢ ᠭᠡᠷᠡᠴᠢᠯᠡᠪᠡ᠃ ᠳᠠᠭ᠎ᠠ ᠶᠢᠨ ᠨᠠᠭᠤᠷ ᠤᠨ  ᠬᠠᠯᠠᠭᠤᠨ ᠷᠠᠰᠢᠶᠠᠨ ᠢ ᠬᠠᠷᠠᠵᠤ᠂ ᠠᠵᠢᠯᠲᠠᠳ ᠶᠠᠭ ᠰᠠᠶᠢᠬᠠᠨ ᠴᠡᠪᠡᠷᠯᠡᠭᠡ ᠬᠢᠵᠦ᠂ ᠭᠠᠵᠠᠷ ᠪᠣᠯᠭᠠᠨ ᠳᠤ ᠴᠡᠪᠡᠷ ᠴᠡᠮᠴᠡᠭᠡᠷ ᠪᠠᠶᠢᠬᠤ ᠶᠢ ᠪᠠᠲᠤᠯᠠᠵᠤ᠂ ᠵᠤᠭᠠᠴᠠᠭᠰᠠᠳ ᠲᠤ ᠲᠠᠭᠠᠯᠠᠮᠵᠢᠲᠠᠶ ᠰᠡᠯᠡᠭᠦᠴᠡᠯ ᠤᠨ ᠣᠷᠴᠢᠨ ᠲᠣᠭᠤᠷᠢᠨ ᠢ ᠬᠠᠩᠭᠠᠵᠤ ᠪᠠᠶᠢᠨ᠎ᠠ᠃ ᠳᠠᠭ᠎ᠠ ᠶᠢᠨ ᠨᠠᠭᠤᠷ ᠤᠨ ᠵᠤᠭᠠᠴᠠᠯ ᠠᠮᠠᠷᠠᠯᠲᠠ ᠶᠢᠨ ᠦᠵᠡᠮᠵᠢ ᠶᠢᠨ ᠣᠷᠣᠨ ᠳᠤ ᠂ ᠰᠢᠨ᠎ᠡ ᠪᠠᠷ ᠣᠷᠣᠭᠤᠯᠤᠭᠰᠠᠨ ᠵᠤᠭ᠎ᠠ ᠴᠡᠩᠭᠡᠯ ᠤᠨ ᠲᠥᠬᠦᠭᠡᠷᠦᠮᠵᠢ ᠨᠢ ᠶᠠᠭ ᠴᠢᠩᠭ᠎ᠠ ᠲᠤᠷᠰᠢᠨ ᠬᠡᠷᠡᠭᠯᠡᠬᠦ ᠪᠠ ᠪᠠᠶᠢᠴᠠᠭᠠᠯᠲᠠ ᠬᠦᠯᠢᠶᠡᠵᠦ ᠪᠠᠶᠢᠨ᠎ᠠ᠃ ᠤᠢᠢᠯᠠᠭᠠᠭᠰᠠᠠ ᠢᠶᠠᠷ᠂ ᠳᠠᠭ᠎ᠠ ᠶᠢᠨ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ ᠳᠤ ᠬᠡᠦᠬᠡᠳ ᠤᠨ ᠬᠥᠭᠡᠰᠦᠨ ᠮᠠᠰᠢᠨ᠂ ᠰᠡᠯᠢᠭᠦᠷᠲᠦ ᠣᠩᠭᠤᠴᠠ᠂ ᠬᠡᠭᠡᠷᠡᠯᠡᠨ ᠠᠶᠠᠯᠠᠬᠤ ᠬᠤᠣᠰ ᠬᠥᠮᠦᠨ / ᠭᠠᠭᠴᠠ ᠬᠥᠮᠦᠨ ᠤ ᠮᠣᠲ᠋ᠣᠷ᠂ ᠪᠢᠴᠢᠬᠠᠨ  ᠴᠡᠷᠢᠭ ᠤᠨ ᠪᠦᠯᠬᠦᠮ ᠵᠡᠷᠭᠡ ᠠᠯᠢ ᠤᠯᠠᠨ ᠪᠠᠶᠠᠯᠢᠭ ᠰᠠᠶᠢᠬᠠᠨ ᠵᠤᠭ᠎ᠠ ᠴᠡᠩᠭᠡᠯ ᠤᠨ ᠲᠦᠷᠦᠯ ᠵᠦᠢᠯ ᠢ ᠰᠢᠨ᠎ᠡ ᠪᠠᠷ ᠨᠡᠮᠡᠵᠦ᠂ ᠵᠤᠭᠠᠴᠠᠭᠰᠠᠳ ᠲᠤ ᠵᠤᠭᠠᠴᠠᠨ ᠨᠠᠭᠠᠳᠬᠤ ᠶᠠᠪᠤᠴᠠ ᠳᠤ ᠨᠡᠩ ᠤᠯᠠᠨ ᠪᠠᠶᠠᠷ ᠪᠠᠭ᠋ᠠᠳᠤᠯ ᠢ ᠡᠳ᠋ᠯᠡᠭᠦᠯᠬᠦ ᠶᠢᠨ ᠲᠥᠯᠥᠭᠡ ᠶᠤᠮ᠃ ᠲᠠᠭ᠎ᠠ ᠶᠢᠨ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ ᠤ ᠬᠠᠷᠢᠭᠤᠴᠠᠯᠭᠠᠲᠠᠨ ᠵᠣᠣ ᠵᠢᠦᠸᠠᠨ᠄ ︽ ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢ ᠤᠭᠲᠤᠬᠤ ᠶᠢᠨ ᠲᠥᠯᠥᠭᠡ᠂ ᠮᠠᠨ ᠤ ᠲᠠᠭ᠎ᠠ ᠶᠢᠨ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ ᠡᠮᠦᠨ᠎ᠡ 20 ᠡᠳᠦᠷ ᠤᠨ ᠳᠣᠲᠣᠷ᠎ᠠ ᠦᠵᠡᠮᠵᠢ ᠶᠢᠨ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠪᠠ ᠠᠭᠤᠷ ᠠᠮᠢᠰᠬᠤᠯ ᠢ ᠪᠣᠶ ᠪᠣᠯᠭᠠᠬᠤ ᠠᠵᠢᠯ ᠢ ᠡᠬᠢᠯᠡᠭᠦᠯᠵᠦ᠂ ᠣᠳᠣᠬᠠᠨ ᠳᠤ᠂ ᠦᠵᠡᠮᠵᠢ ᠶᠢᠨ ᠣᠷᠣᠨ ᠨᠢᠭᠡᠨᠲᠡ ᠵᠤᠭᠠᠴᠠᠭᠰᠠᠳ ᠢ ᠭᠥᠯᠢᠶᠡᠨ ᠠᠪᠬᠤ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠨᠠᠢᠮᠠᠨ ᠲᠠᠯ᠎ᠠ ᠶᠢᠨ ᠵᠤᠭᠠᠴᠠᠭᠰᠠᠳ ᠢ ᠬᠠᠯᠠᠭᠤᠨ ᠢᠶᠠᠷ  ᠤᠭᠳᠤᠵᠤ ᠪᠠᠶᠢᠨ᠎ᠠ ᠭᠡᠪᠡ᠃
   ᠡᠭᠦᠨ ᠠᠴᠠ ᠭᠠᠳᠠᠨ᠎ᠠ᠂ ᠱᠧᠩ ᠴᠢᠤᠸᠠᠨ ᠱᠠᠨ ᠵᠤᠸᠠᠩ ᠪᠣᠯᠣᠨ ᠬᠤᠸᠠ ᠵᠧᠨ ᠲᠠᠷᠢᠶᠠᠴᠢᠨ ᠤ ᠡᠳ᠋ᠯᠡᠩ ᠵᠡᠷᠭᠡ ᠦᠵᠡᠮᠵᠢ ᠶᠢᠨ ᠣᠷᠣᠨ ᠴᠤ ᠪᠡᠯᠡᠳᠬᠡᠯ ᠬᠢᠵᠦ ᠪᠠᠶᠢᠨ᠎ᠠ᠃ ᠡᠳᠡᠭᠡᠷ ᠦᠵᠡᠮᠵᠢ ᠶᠢᠨ ᠣᠷᠣᠨ ᠨᠢ ᠬᠠᠲᠠᠭᠤ ᠬᠡᠷᠡᠭᠰᠡᠯ ᠤᠨ ᠲᠥᠬᠦᠭᠡᠷᠦᠮᠵᠢ ᠪᠠᠨ ᠳᠡᠭᠡᠭᠰᠢᠯᠡᠭᠦᠯᠬᠦ ᠶᠢ ᠴᠢᠬᠤᠯᠠᠴᠢᠯᠠᠭᠰᠠᠨ ᠢᠶᠠᠷ ᠪᠠᠷᠠᠬᠤ ᠦᠭᠡᠢ᠂ ᠨᠡᠩ ᠴᠤ ᠵᠥᠭᠡᠯᠡᠨ ᠲᠣᠨᠤᠭ ᠤᠨ ᠦᠢᠯᠡᠴᠢᠯᠡᠭᠡᠨ ᠤ ᠲᠠᠯ᠎ᠠ ᠪᠠᠷ ᠬᠦᠴᠦ ᠣᠷᠣᠭᠤᠯᠵᠤ᠂ ᠵᠤᠭᠠᠴᠠᠭᠰᠠᠳ ᠨᠢᠭᠡᠪᠦᠷᠢ ᠰᠡᠳᠬᠢᠯ ᠵᠢᠷᠦᠬᠡ ᠪᠠᠨ ᠬᠤᠯᠪᠣᠵᠤ ᠦᠢᠯᠡᠴᠢᠯᠡᠬᠦ ᠪᠠ ᠬᠠᠶᠢᠷ᠎ᠠ ᠬᠠᠯᠠᠮᠵᠢ ᠬᠦᠷᠲᠡᠭᠡᠬᠦ ᠶᠢ ᠦᠨᠡᠨ ᠬᠦ ᠪᠠᠲᠤᠯᠠᠪᠠ  ᠃
      ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤᠯᠠᠨ ᠠᠴᠠ ᠣᠨᠴᠠᠭᠠᠢ ᠣᠷᠣᠨ ᠪᠠᠶᠢᠷᠢ ᠶᠢᠨ ᠳᠠᠪᠠᠭᠤᠯᠢᠭ ᠪᠣᠯᠤᠨ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠪᠡ᠃ ᠣᠯᠠᠨ ᠵᠦᠢᠯ ᠤᠨ ᠵᠢᠭᠤᠯᠴᠢᠯᠠᠯ ᠤᠨ ᠲᠥᠷᠥᠯ ᠵᠦᠢᠯ ᠢ ᠣᠷᠣᠭᠤᠯᠵᠤ ᠢᠷᠡᠬᠦ ᠪᠠ ᠨᠡᠭᠡᠭᠡᠨ ᠬᠥᠭᠵᠢᠭᠦᠯᠬᠦ ᠪᠠᠷ ᠳᠠᠮᠵᠢᠨ᠂ ᠣᠯᠠᠨ ᠠᠷᠪᠢᠨ ᠵᠤᠭᠠᠴᠠᠭᠰᠠᠳ ᠢ ᠲᠠᠲᠠᠨ ᠠᠪᠴᠢᠷᠠᠵᠤ ᠲᠣᠭᠤᠷᠢᠨ ᠵᠤᠭᠠᠴᠠᠭᠤᠯᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠲᠦᠢᠯ ᠤᠨ ᠶᠡᠬᠡᠪᠡᠷ ᠠᠬᠢᠭᠤᠯᠪᠠ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2