【 ᠨᠠᠮ ᠤᠨ ᠪᠠᠶᠢᠭᠤᠯᠤᠯᠲᠠ ᠪᠠᠷ ᠬᠥᠲᠥᠯᠦᠮᠵᠢ ᠪᠣᠯᠭᠠᠨ᠎ᠠ 】 ᠬᠤᠩ ᠮᠤᠤ ᠪᠠᠯᠭᠠᠰᠤᠨ ᠤ ᠢ ᠬᠠᠶ ᠨᠡᠶᠢᠭᠡᠮ ᠲᠣᠭᠤᠷᠢᠭ᠄ ᠨᠠᠮ ᠤᠨ ᠪᠠᠶᠢᠭᠤᠯᠤᠯᠲᠠ ᠪᠠᠷ ᠬᠥᠲᠥᠯᠦᠮᠵᠢ ᠪᠣᠯᠭᠠᠵᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠲᠠᠰ ᠳᠡᠪᠰᠢᠭᠦᠯᠦᠨ᠎ᠡ
ᠨᠡᠶᠢᠲᠡᠯᠡᠭᠰᠡᠨ ᠴᠠᠭ᠄
2024/4/7
   ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠬᠤᠩ ᠮᠤᠤ ᠪᠠᠯᠭᠠᠰᠤ ᠶᠢᠨ ᠢ ᠬᠠᠢ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠤᠯᠠᠨ ᠶᠠᠩᠵᠤ ᠶᠢᠨ ᠦᠢᠯᠡᠴᠢᠯᠡᠭᠡᠨ ᠤ ᠬᠠᠩᠭᠠᠯᠭ᠎ᠠ ᠶᠢ ᠬᠤᠯᠪᠣᠯᠳᠤᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠤᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠳᠤ ᠦᠷᠭᠦᠯᠵᠢᠯᠡᠨ ᠠᠰᠢᠭ ᠬᠦᠷᠲᠡᠭᠡᠵᠡᠢ᠃
        ᠢ ᠬᠠᠢ ᠨᠡᠶᠢᠭᠡᠮ ᠲᠣᠭᠤᠷᠢᠭ ᠤᠨ ᠨᠠᠮ ᠪᠣᠯᠤᠨ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠬᠦ ᠳᠤ᠂ ᠠᠭᠤᠵᠢᠮ ᠰᠠᠷᠠᠭᠤᠯ ᠠᠷᠠᠳ ᠲᠤ ᠲᠦᠬᠦᠮ ᠦᠵᠡᠭᠦᠯᠬᠦ ᠶᠡᠭᠡ ᠲᠢᠩᠬᠢᠮ ᠪᠣᠯᠤᠨ ᠴᠡᠪᠡᠷ ᠲᠡᠭᠰᠢ ᠨᠣᠮ ᠤᠩᠰᠢᠬᠤ ᠦᠷᠦᠭᠡ᠂ ᠰᠢᠳᠠᠷ᠎ᠠ ᠶᠢᠨ ᠦᠷᠦᠭᠡ᠂ ᠪᠥᠵᠢᠭ ᠤᠨ ᠦᠷᠦᠭᠡ ᠵᠡᠷᠭᠡ ᠴᠢᠳᠠᠮᠵᠢ ᠶᠢᠨ ᠬᠥᠳᠡᠯᠭᠡᠭᠡᠨ ᠤ ᠦᠷᠦᠭᠡ ᠶᠢᠨ ᠨᠢᠳᠤᠨ ᠳᠤ ᠬᠠᠷᠠᠭᠳᠠᠨ᠎ᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠠᠳᠠᠯᠢ ᠪᠤᠰᠤ ᠬᠥᠳᠡᠯᠭᠡᠭᠡᠨ ᠤ ᠥᠷᠥᠭᠡᠨ ᠳᠤ ᠬᠥᠵᠥᠷ ᠲᠣᠭᠯᠠᠵᠤ᠂ ᠪᠥᠵᠢᠭ ᠪᠥᠵᠢᠭᠯᠡᠵᠦ᠂ ᠫᠢᠩᠫᠠᠩ ᠪᠥᠮᠪᠦᠭᠡ ᠲᠣᠭᠯᠠᠵᠤ᠂ ᠦᠰᠦᠨ ᠪᠢᠷ ᠤᠨ ᠦᠰᠦᠭ ᠪᠢᠴᠢᠵᠦ᠂ ᠲᠠᠭᠠᠯᠠᠮᠵᠢᠲᠠᠶ ᠰᠡᠯᠡᠭᠦᠦ ᠴᠠᠭ ᠢ ᠡᠳ᠋ᠯᠡᠳᠡᠭ᠃ ᠦᠰᠦᠨ ᠪᠢᠷ ᠤᠨ ᠦᠰᠦᠭ ᠪᠢᠴᠢᠵᠦ ᠪᠠᠶᠢᠭ᠎ᠠ ᠢ ᠬᠠᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠢᠦ ᠵᠠᠨ ᠴᠧᠩ ᠰᠤᠷᠪᠤᠯᠵᠢᠯᠠᠭᠴᠢ ᠳᠤ᠄ ︽ᠢ ᠬᠠᠢ ᠨᠡᠶᠢᠭᠡᠮ ᠲᠣᠭᠤᠷᠢᠭ ᠮᠠᠨ ᠤ ᠰᠠᠭᠤᠭᠠᠯᠢ ᠠᠷᠠᠳ ᠲᠤ ᠠᠵᠢᠯᠯᠠᠭᠠᠨ ᠤ ᠲᠠᠯᠠᠪᠤᠷ ᠬᠠᠩᠭᠠᠪᠠ᠂ ᠠᠭᠤᠯᠭ᠎ᠠ ᠨᠢ ᠮᠠᠰᠢ ᠤᠯᠠᠨ᠂ ᠮᠠᠨ ᠤ ᠰᠠᠭᠤᠭᠠᠯᠢ ᠠᠷᠠᠳ ᠲᠤ ᠠᠪᠴᠤ ᠬᠡᠯᠡᠪᠡᠯ ᠮᠠᠰᠢ ᠬᠦᠷᠢᠶᠡᠯᠡᠯ ᠲᠠᠢ᠂ ᠮᠠᠰᠢ ᠪᠠᠶᠠᠷ ᠲᠠᠢ᠂ ᠪᠢᠳᠡ ᠡᠳᠦᠷ ᠪᠦᠷᠢ ᠬᠤᠭᠤᠯᠠ ᠢᠳᠡᠵᠦ ᠪᠠᠷᠠᠭᠰᠠᠨ ᠤ ᠳᠠᠷᠠᠭ᠎ᠠ ᠠᠳᠡ ᠢᠷᠡᠵᠦ ᠠᠵᠢᠯᠯᠠᠭ᠎ᠠ ᠬᠢᠬᠦ ᠳᠤ ᠪᠢᠳᠡ ᠴᠥᠮ ᠰᠠᠶᠢᠨ ᠰᠡᠳᠬᠢᠯᠭᠡ ᠲᠠᠢ ᠪᠠᠶᠢᠨ᠎ᠠ᠂ ᠡᠨᠡ ᠭᠠᠵᠠᠷ ᠤᠨ ᠠᠵᠢᠯ ᠢ ᠮᠠᠰᠢ ᠰᠠᠶᠢᠨ ᠬᠢᠵᠡᠢ᠂ ᠪᠢᠳᠡ ᠮᠠᠰᠢ ᠰᠡᠳᠬᠢᠯ ᠬᠠᠨᠤᠮᠵᠢᠲᠠᠢ ᠪᠠᠶᠢᠨ᠎ᠠ︾ ᠭᠡᠵᠦ ᠬᠡᠯᠡᠪᠡ᠃
       ᠬᠤᠩ ᠮᠤᠤ ᠪᠠᠯᠭᠠᠰᠤ ᠶᠢᠨ  ᠢ ᠬᠠᠢ ᠨᠡᠶᠢᠭᠡᠮ ᠲᠣᠭᠤᠷᠢᠭ 2008 ᠣᠨ ᠤ 8 ᠰᠠᠷ᠎ᠠ ᠳᠤ ᠪᠠᠶᠢᠭᠤᠯᠤᠭᠳᠠᠵᠤ᠂ ᠬᠤᠩ ᠮᠤᠤ ᠪᠠᠯᠭᠠᠰᠤ ᠶᠢᠨ ᠬᠤᠳᠠ ᠶᠢᠨ ᠲᠣᠭᠤᠷᠢᠭ ᠤᠨ ᠠᠰ ᠡᠮᠦᠨ᠎ᠡ ᠲᠠᠯ᠎ᠠ ᠳᠤ ᠪᠠᠶᠢᠷᠢᠯᠠᠵᠤ᠂ ᠨᠢᠭᠡᠨ ᠪᠠᠷᠢᠮᠵᠢᠶᠠᠲᠤ ᠣᠳᠣᠬᠢᠴᠢᠯᠠᠭᠰᠠᠨ ᠨᠡᠶᠢᠭᠡᠮ ᠲᠣᠭᠤᠷᠢᠭ ᠪᠣᠯᠤᠨ᠎ᠠ᠂ ᠪᠠᠶᠢᠩᠭᠤ ᠰᠠᠭᠤᠭ᠎ᠠ ᠬᠥᠮᠦᠨ ᠠᠮᠠ 2237 ᠡᠷᠦᠬᠡ᠂ 4477 ᠬᠥᠮᠦᠨ ᠪᠤᠢ᠃ ᠢ ᠬᠠᠶ ᠨᠡᠶᠢᠭᠡᠮ ᠲᠣᠭᠤᠷᠢᠭ ᠤᠨ ᠬᠢᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠬᠦ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠪᠦᠬᠦ ᠬᠦᠴᠦᠨ ᠢᠶᠠᠷ ᠢᠶᠠᠨ ᠲᠥᠷᠥ ᠶᠢᠨ ᠪᠣᠳᠣᠯᠭ᠎ᠠ ᠶᠢᠨ ᠤᠬᠠᠭᠤᠯᠤᠭᠴᠢ᠂ ᠠᠷᠠᠳ ᠤᠨ ᠠᠮᠢᠳᠤᠷᠠᠯ ᠤᠨ ᠦᠢᠯᠡᠴᠢᠯᠡᠭᠴᠢ ᠪᠣᠯᠵᠤ᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠭᠡᠷ ᠲᠤᠨᠢ ᠬᠦᠷᠴᠦ ᠦᠢᠯᠡᠴᠢᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠭᠠᠯᠢ ᠠᠷᠠᠳ ᠲᠤ ᠠᠵᠢᠯ ᠣᠯᠭᠤᠯᠲᠠ ᠶᠢ ᠲᠡᠳᠬᠦᠬᠦ᠂ ᠬᠦᠴᠢᠷᠳᠡᠯ ᠢ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ ᠡᠮ ᠡᠮᠨᠡᠯᠭᠡ ᠵᠡᠷᠭᠡ ᠲᠠᠯ᠎ᠠ ᠶᠢᠨ ᠠᠷᠠᠳ ᠲᠤ ᠠᠰᠢᠭ ᠬᠦᠷᠲᠡᠭᠡᠬᠦ ᠡᠬᠡ ᠳᠠᠩᠰᠠ ᠶᠢ ᠲᠣᠳᠣᠷᠬᠠᠶᠢᠯᠠᠨ ᠥᠭᠴᠦ᠂ ᠲᠣᠭᠲᠠᠮᠠᠯ ᠬᠤᠭᠤᠴᠠᠭ᠎ᠠ ᠲᠠᠢ ᠪᠠᠷ ᠬᠡᠷ ᠲᠤᠨᠢ ᠬᠦᠷᠴᠦ ᠢᠷᠡᠬᠦ ᠨᠢ ᠬᠥᠳᠡᠯᠵᠦ ᠪᠠᠷᠢᠬᠤ ᠳᠤ ᠳᠥᠭᠦᠮ ᠦᠭᠡᠢ᠂ ᠭᠠᠷ ᠤᠲᠠᠰᠤ ᠬᠡᠷᠡᠭᠯᠡᠵᠦ ᠴᠢᠳᠠᠬᠤ ᠦᠭᠡᠢ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ᠂ ᠥᠨᠳᠥᠷ ᠨᠠᠰᠤᠲᠠᠨ ᠤ ᠪᠠᠶᠢᠴᠠᠭᠠᠯᠲᠠ ᠶᠢ ᠰᠢᠯᠭᠠᠨ ᠪᠠᠶᠢᠴᠠᠭᠠᠵᠤ᠂ ᠭᠤᠣᠨᠢ ᠪᠡᠯᠪᠡᠰᠦᠨ ᠨᠠᠰᠤᠲᠠᠨ ᠵᠡᠷᠭᠡ ᠣᠨᠴᠠᠭᠠᠶ ᠬᠠᠮᠲᠤᠯᠢᠭ ᠢ ᠬᠠᠯᠠᠮᠵᠢᠯᠠᠨ ᠬᠠᠶᠢᠷᠠᠯᠠᠵᠤ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠤᠨ ᠠᠰᠠᠭᠤᠳᠠᠯ ᠢ  ᠰᠢᠢᠳᠪᠤᠷᠢᠯᠡᠨ᠂ ᠥᠷᠭᠡᠨ ᠣᠯᠠᠨ ᠰᠠᠭᠤᠭᠠᠯᠢ ᠠᠷᠠᠳ ᠤᠨ ᠤᠬᠠᠮᠰᠠᠷ ᠠᠴᠠ ᠪᠠᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ︾᠂ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠭᠥᠷᠳᠡᠬᠦ ᠶᠢ ᠬᠥᠲᠥᠯᠥᠨ ᠵᠢᠯᠣᠭᠤᠳᠤᠨ᠎ᠠ᠃
   ᠡᠭᠦᠨ ᠤ ᠵᠡᠷᠭᠡ ᠳᠤ ᠢ ᠬᠠᠶ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ  ᠤᠶᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠴᠢᠩᠭᠠᠳᠬᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠵᠢᠯ ᠣᠯᠭᠤᠬᠤ ᠲᠣᠪᠴᠢᠶ᠎ᠠ ᠲᠠᠢ ᠬᠠᠮᠲᠤᠷᠠᠨ ᠠᠵᠢᠯ ᠣᠯᠭᠤᠬᠤ ᠪᠣᠯᠪᠠᠰᠤᠷᠠᠭᠤᠯᠤᠯ ᠢ ᠥᠷᠨᠢᠭᠦᠯᠵᠦ᠂ ᠰᠠᠭᠤᠭᠠᠯᠢ ᠠᠷᠠᠳ ᠲᠤ ᠠᠵᠢᠯ ᠣᠯᠭᠤᠬᠤ ᠪᠠ ᠠᠳᠠᠯ  ᠤᠶᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠲᠤᠬᠠᠶ ᠤᠯᠠᠮ ᠨᠢᠭᠡ ᠠᠯᠬᠤᠮ ᠣᠶᠢᠯᠠᠭᠠᠯᠲᠠ ᠪᠠ ᠲᠠᠨᠢᠯᠲᠠ ᠲᠠᠢ ᠪᠣᠯᠭᠠᠵᠤ᠂ ᠰᠠᠭᠤᠭᠠᠯᠢ ᠠᠷᠠᠳ ᠤᠨ ᠲᠣᠭᠲᠠᠪᠤᠷᠢᠲᠠᠶ ᠠᠵᠢᠯ ᠣᠯᠭᠤᠯᠲᠠ ᠶᠢ ᠪᠡᠶᠡᠯᠡᠭᠦᠯᠬᠦ ᠳᠤ ᠬᠠᠪᠰᠤᠷᠤᠯᠭ᠎ᠠ ᠦᠵᠡᠭᠦᠯᠪᠡ᠃ ᠡᠭᠦᠨ ᠤ ᠬᠠᠮᠲᠤ᠂ ᠢ ᠬᠠᠶ ᠨᠡᠶᠢᠭᠡᠮ ᠲᠣᠭᠤᠷᠢᠭ ᠪᠠᠰᠠ ᠰᠢᠶᠠᠨ ᠤ ᠡᠮᠨᠡᠯᠭᠡ ᠶᠢᠨ ᠬᠤᠷᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠷᠢᠯᠴᠠᠵᠤ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠯ ᠤᠨ ᠲᠠᠶᠢᠯᠤᠮᠵᠢ ᠬᠢᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠪᠠ ᠡᠷᠡᠭᠦᠯ ᠮᠡᠨᠳᠦ ᠶᠢᠨ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃
      ᠢ ᠬᠠᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠫᠸᠢ ᠷᠦᠩ ᠰᠢᠶᠠ᠄ ︽ᠳᠠᠷᠠᠭᠠᠴᠢ ᠶᠢᠨ ᠠᠯᠬᠤᠮ ᠳᠤ᠂ ᠮᠠᠨ ᠤ ᠢ ᠬᠠᠶ ᠨᠡᠶᠢᠭᠡᠮ ᠲᠣᠭᠤᠷᠢᠭ ᠦᠷᠭᠦᠯᠵᠢᠯᠡᠨ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠪᠠᠷ ᠨᠡᠶᠢᠭᠡᠮ ᠲᠣᠭᠤᠷᠢᠭ ᠤᠨ ᠵᠠᠰᠠᠯᠲᠠ ᠶᠢ ᠬᠥᠲᠥᠯᠥᠨ ᠳᠠᠭᠠᠭᠤᠯᠵᠤ᠂ ᠨᠡᠶᠢᠭᠡᠮ ᠲᠣᠭᠤᠷᠢᠭ ᠤᠨ ᠬᠥᠭᠵᠢᠯᠲᠡ ᠵᠠᠰᠠᠯᠲᠠ ᠪᠠᠷ ᠳᠠᠮᠵᠢᠭᠤᠯᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠰᠠᠭᠤᠭᠠᠯᠢ ᠠᠷᠠᠳ ᠢ ᠳᠠᠭᠠᠭᠤᠯᠤᠨ ᠵᠣᠯ ᠵᠢᠷᠭᠠᠯᠲᠤ ᠠᠮᠢᠳᠤᠷᠠᠯ ᠤᠨ ᠬᠦᠰᠡᠯ ᠡᠷᠡᠮᠡᠯᠵᠡᠯ ᠢ ᠠᠯᠬᠤᠮ ᠠᠯᠬᠤᠮ ᠢᠶᠠᠷ ᠪᠣᠳᠠᠲᠤ ᠠᠬᠤᠶ ᠪᠣᠯᠭᠠᠨ ᠬᠤᠪᠢᠷᠠᠭᠤᠯᠵᠤ᠂ ︿ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ﹀  ᠤᠶᠢᠯᠡᠳᠤᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠂  ᠤᠶᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂  ᠤᠶᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠨ᠂ ᠣᠯᠠᠨ ᠲᠦᠮᠡᠨ ᠳᠤ ᠴᠢᠨᠠᠷ ᠰᠠᠶᠢᠲᠠᠶ᠂ ᠳᠥᠭᠦᠮ ᠳᠥᠲᠡ᠂ ᠥᠨᠳᠥᠷ ᠪᠦᠲᠦᠮᠵᠢᠲᠡᠶ  ᠤᠶᠢᠯᠡᠴᠢᠯᠡᠭᠡ ᠬᠠᠩᠭᠠᠵᠤ᠂ ᠣᠯᠠᠨ ᠲᠦᠮᠡᠨ ᠤ ᠣᠯᠠᠨ ᠡᠰᠢᠴᠢᠯᠡᠭᠰᠡᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠬᠡᠷᠡᠭᠲᠡᠶ︾ ᠭᠡᠵᠡᠶ᠃                                              ᠨᠠᠶᠢᠷᠠᠭᠤᠯᠤᠭᠴᠢ᠄  ᠯᠢ ᠬᠤᠩ ᠢᠦᠢ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2