︽ᠬᠠᠤᠯᠢ ᠴᠠᠭᠠᠵᠠ ᠶᠢᠨ ᠤᠬᠠᠮᠰᠠᠷ ᠪᠣᠯᠤᠨ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠬᠦ ︾  ᠲᠤᠰᠬᠠᠢ ᠰᠡᠳᠦᠪᠲᠦ ᠲᠠᠶᠢᠯᠤᠮᠵᠢ  ᠯᠢᠶᠠᠩᠴᠧᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠯ᠎ᠠ
ᠨᠡᠶᠢᠲᠡᠯᠡᠭᠰᠡᠨ ᠴᠠᠭ᠄
2024/4/7
   ᠬᠠᠤᠯᠢ ᠪᠠᠷ ᠵᠠᠰᠠᠬᠤ ᠬᠥᠮᠦᠵᠢᠯ ᠢ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠳᠤ ᠠᠭᠤᠰᠬᠠᠨ ᠣᠷᠣᠭᠤᠯᠵᠤ᠂ ᠰᠤᠷᠤᠭᠴᠢᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠤᠨ ᠬᠥᠮᠦᠵᠢᠯ ᠢ ᠴᠢᠩᠭᠠᠳᠬᠠᠨ᠂ ᠬᠠᠤᠯᠢ ᠪᠠᠷ ᠵᠠᠰᠠᠬᠤ ᠬᠥᠮᠦᠵᠢᠯ ᠤᠨ ᠭᠦᠨᠵᠡᠭᠡᠶᠢᠷᠡᠨ ᠥᠷᠨᠢᠬᠦ ᠶᠢ ᠦᠨᠡᠨ ᠬᠦ ᠪᠠᠲᠤᠯᠠᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠳᠤ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠤ ᠬᠦᠴᠦᠨ ᠴᠢᠳᠠᠯ ᠢ  ᠣᠶᠢᠷ᠎ᠠ ᠳᠤ᠂ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠶ᠎ᠠ ︾ ᠭᠡᠬᠦ ᠲᠤᠰᠬᠠᠶ ᠰᠡᠳᠦᠪᠲᠦ ᠲᠠᠶᠢᠯᠤᠮᠵᠢ ᠶᠢ ᠯᠢᠶᠠᠩᠴᠧᠩ ᠰᠢᠶᠠᠨ ᠤ    ᠨᠢᠭᠡᠳᠦᠭᠡᠷ ᠳᠤᠮᠳᠠᠳᠤ ᠰᠤᠷᠭᠠᠭᠤᠯᠢ ᠳᠤ ᠬᠢᠪᠡ᠂ ᠲᠤᠰ ᠤᠳᠠᠭᠠᠨ ᠤ ᠲᠠᠶᠢᠯᠤᠮᠵᠢ ᠶᠢ ᠰᠢᠶᠠᠨ ᠤ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠯᠢ ᠧᠨ ᠮᠧᠶ ᠭᠤᠣᠯᠯᠠᠨ ᠶᠠᠷᠢᠵᠤ᠂ ᠥᠷᠭᠡᠨ ᠣᠯᠠᠨ ᠪᠠᠭᠰᠢ ᠠᠵᠢᠯᠲᠠᠨ ᠠᠵᠢᠯᠴᠢᠨ ᠪᠣᠯᠤᠨ ᠥᠷᠭᠡᠨ ᠣᠯᠠᠨ ᠰᠤᠷᠤᠭᠴᠢᠳ ᠲᠤ ᠬᠠᠤᠯᠢ ᠪᠠᠷ ᠵᠠᠰᠠᠬᠤ ᠮᠡᠳᠡᠯᠭᠡ ᠶᠢ ᠲᠦᠭᠡᠮᠡᠯᠵᠢᠭᠦᠯᠵᠦ᠂ ᠲᠡᠳᠡᠨ ᠤ ᠬᠠᠤᠯᠢ ᠴᠠᠭᠠᠵᠠ ᠶᠢᠨ ᠤᠬᠠᠮᠰᠠᠷ ᠪᠣᠯᠤᠨ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠭᠰᠠᠨ ᠶᠤᠮ᠃    ᠲᠠᠶᠢᠯᠤᠮᠵᠢ ᠳᠤ᠂ ᠯᠢ ᠧᠨ ᠮᠧᠶ ᠳᠡᠷᠭᠡᠳᠡᠬᠢ ᠬᠥᠮᠦᠰ ᠤᠨ ᠢᠶᠠᠨ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠣᠯᠠᠨ ᠵᠦᠶ᠋ᠯ ᠤᠨ ᠬᠠᠤᠯᠢ ᠴᠠᠭᠠᠵᠠ ᠶᠢᠨ ᠠᠰᠠᠭᠤᠳᠠᠯ ᠢ ᠨᠠᠷᠢᠨ ᠲᠠᠶᠢᠯᠪᠤᠷᠢᠯᠠᠪᠠ᠃ ᠲᠡᠷᠡ ᠰᠦᠯᠵᠢᠶᠡᠨ ᠳᠡᠭᠡᠷ᠎ᠡ ᠢᠨᠠᠭᠯᠠᠬᠤ᠂ ᠳᠠᠩᠰᠠ ᠪᠤᠳᠤᠬᠤ᠂ ᠵᠢᠭᠡᠯᠡᠯᠭᠡ ᠶᠢ ᠬᠠᠪᠰᠤᠷᠤᠨ ᠭᠦᠢᠴᠡᠳᠬᠡᠵᠦ ᠥᠭᠬᠦ ᠵᠡᠷᠭᠡ ᠬᠡᠷᠡᠭ ᠤᠨ ᠵᠢᠱᠢᠶ᠎ᠡ ᠪᠠᠷ ᠵᠢᠱᠢᠶ᠎ᠡ ᠪᠣᠯᠭᠠᠵᠤ᠂ ᠡᠳᠡᠭᠡᠷ ᠦᠢᠯᠡ ᠠᠵᠢᠯᠯᠠᠭ᠎ᠠ ᠶᠢᠨ ᠠᠪᠴᠢᠷᠠᠵᠤ ᠮᠡᠳᠡᠬᠦ ᠬᠠᠤᠯᠢ ᠴᠠᠭᠠᠵᠠ ᠶᠢᠨ ᠠᠶᠤᠯ ᠲᠦᠭᠰᠢᠭᠦᠷᠢ ᠪᠠ ᠦᠷ᠎ᠡ ᠤᠷᠰᠢᠭ ᠢ ᠭᠦᠨᠵᠡᠭᠡᠢ ᠵᠠᠳᠠᠯᠪᠠ︔ ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯ᠎ᠠ ᠪᠠᠷ ᠬᠢ ᠠᠶᠤᠯᠲᠠᠶ ᠪᠠᠷ ᠲᠡᠷᠭᠡ ᠵᠢᠯᠣᠭᠤᠳᠤᠭᠰᠠᠨ᠂ ᠵᠠᠮ ᠬᠠᠷᠢᠯᠴᠠᠭᠠᠨ ᠤ ᠡ᠊ᠨᠳᠡᠯ ᠭᠠᠷᠭᠠᠭᠰᠠᠨ ᠵᠡᠷᠭᠡ ᠬᠡᠷᠡᠭ ᠤᠨ ᠵᠢᠱᠢᠶ᠎ᠡ ᠳᠤ ᠴᠢᠭᠯᠡᠭᠦᠯᠦᠨ ᠲᠠᠶᠢᠯᠪᠤᠷᠢᠯᠠᠯᠲᠠ ᠬᠢᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠴᠢᠬᠤᠯᠠ ᠴᠢᠨᠠᠷ ᠵᠢᠴᠢ ᠲᠡᠭᠦᠨ ᠤ ᠬᠠᠤᠯᠢ ᠶᠢᠨ ᠬᠠᠷᠢᠭᠤᠴᠠᠯᠭ᠎ᠠ ᠶᠢ ᠴᠢᠬᠤᠯᠠᠴᠢᠯᠠᠪᠠ︔ ᠵᠢᠭᠡᠯᠡᠯᠭᠡ ᠶᠢᠨ ᠳᠠᠭᠠᠭᠠᠯᠲᠠ ᠵᠡᠷᠭᠡ ᠬᠤᠯᠪᠣᠭᠳᠠᠯ ᠪᠥᠬᠦᠶ ᠠᠰᠠᠭᠤᠳᠠᠯ ᠤᠨ ᠲᠠᠯ᠎ᠠ ᠪᠠᠷ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠰᠠᠨᠠᠭᠤᠯᠭ᠎ᠠ ᠭᠠᠷᠭᠠᠪᠠ᠃ ᠲᠡᠷᠡ ᠪᠠᠰᠠ ᠪᠠᠭᠰᠢ ᠨᠠᠷ ᠢ ᠡᠳᠦᠷ ᠲᠤᠲᠤᠮ ᠤᠨ ᠠᠵᠢᠯ ᠤᠨ ᠳᠤᠮᠳᠠ ᠪᠠᠨ ᠰᠤᠷᠤᠭᠴᠢᠳ ᠤᠨ  ᠤᠶᠢᠯᠡ ᠠᠵᠢᠯᠯᠠᠭ᠎ᠠ ᠶᠢ ᠨᠠᠩ ᠢᠯᠡᠭᠦᠤ ᠠᠩᠬᠠᠷᠴᠤ᠂ ᠣᠷᠣᠰᠢᠵᠤ ᠮᠡᠳᠡᠬᠦ ᠬᠠᠤᠯᠢ ᠴᠠᠭᠠᠵᠠ ᠶᠢᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠮᠡᠳᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠶ ᠭᠡᠵᠦ ᠤᠷᠢᠶᠠᠯᠠᠵᠠᠶ᠃    ᠯᠢ ᠧᠨ ᠮᠧᠶ ᠪᠠᠰᠠ ᠪᠠᠶᠢᠴᠠᠭᠠᠬᠤ ᠬᠤᠷᠢᠶᠠᠨ ᠤ ᠪᠠᠶᠢᠭᠤᠯᠤᠭᠰᠠᠨ ︽ᠥᠷᠯᠥᠭᠡ ᠶᠢᠨ ᠲᠤᠶᠠᠭᠠᠨ ᠤ ᠪᠠᠶᠢᠴᠠᠭᠠᠭᠠᠳᠤᠶ ᠠᠵᠢᠯᠯᠠᠬᠤ ᠲᠠᠰᠤᠭ︾ ᠤᠨ ᠴᠢᠳᠠᠮᠵᠢ ᠪᠠ ᠲᠤᠰᠢᠶᠠᠯ ᠬᠠᠷᠢᠭᠤᠴᠠᠯᠭ᠎ᠠ ᠶᠢ ᠲᠠᠨᠢᠯᠴᠠᠭᠤᠯᠪᠠ᠂ ᠲᠣᠰ ᠲᠠᠰᠤᠭ ᠤᠨ ᠵᠣᠷᠢᠯᠭ᠎ᠠ ᠨᠢ ᠰᠤᠷᠭᠠᠭᠤᠯᠢ ᠪᠠ ᠬᠡᠷ ᠤᠨ ᠠᠬᠠᠮᠠᠳ ᠲᠤ ᠨᠠᠩ ᠣᠯᠠᠨ ᠳᠡᠮᠵᠢᠯᠭᠡ ᠪᠠ ᠬᠠᠪᠰᠤᠷᠤᠯᠭ᠎ᠠ ᠬᠠᠩᠭᠠᠵᠤ᠂ ᠬᠠᠤᠯᠢ ᠴᠠᠭᠠᠵᠠ ᠶᠢᠨ ᠳᠠᠯᠳᠠ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠪᠠ ᠪᠥᠬᠦ ᠲᠠᠯ᠎ᠠ ᠪᠠᠷ ᠬᠥᠭᠵᠢᠬᠦ ᠶᠢ ᠪᠠᠲᠤᠯᠠᠬᠤ ᠶᠢᠨ ᠲᠥᠯᠥᠭᠡ ᠶᠤᠮ᠃ ᠲᠠᠷᠠᠭ᠎ᠠ ᠪᠠᠷ ᠨᠢ ᠪᠠᠶᠢᠴᠠᠭᠠᠬᠤ ᠬᠤᠷᠢᠶᠠᠨ ᠤ ᠨᠥᠬᠦᠳ ᠪᠠᠰᠠ ᠬᠤᠷᠠᠯ ᠳᠤ ᠣᠷᠣᠯᠴᠠᠭᠰᠠᠨ ᠪᠦᠬᠦ ᠬᠥᠮᠦᠰ ᠲᠤ ᠨᠠᠰᠤᠨ ᠳᠤ ᠦᠯᠤ ᠬᠥᠷᠦᠭᠰᠡᠳ ᠤᠨ ᠪᠠᠶᠢᠴᠠᠭᠠᠬᠤ ᠭᠠᠷ ᠳᠡᠪᠲᠡᠷ ᠢ ᠲᠠᠷᠬᠠᠭᠠᠨ ᠥᠭᠴᠦ᠂ ᠲᠡᠳᠡᠨ ᠤ ᠨᠠᠰᠤᠨ ᠳᠤ ᠦᠯᠤ ᠬᠥᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠣᠶᠢᠯᠠᠭᠠᠵᠤ ᠬᠠᠮᠠᠭᠠᠯᠠᠬᠤ ᠳᠤ ᠲᠦᠬᠦᠮ ᠦᠵᠡᠭᠦᠯᠪᠡ᠃    ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠠᠷᠢᠭᠤᠴᠠᠯᠭᠠᠲᠠᠨ ᠳ᠋ᠦᠩᠨᠡᠯᠲᠡ ᠶᠢᠨ ᠶᠠᠷᠢᠶᠠᠨ ᠳᠠᠭᠠᠨ᠂ ᠪᠠᠭᠰᠢ ᠨᠠᠷ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠬᠠᠤᠯᠢ ᠴᠠᠭᠠᠵᠠ ᠶᠢᠨ ᠮᠡᠳᠡᠯᠭᠡ ᠶᠢ ᠲᠠᠰᠤᠷᠠᠯᠲᠠ ᠥᠬᠡᠶ ᠰᠤᠷᠤᠯᠴᠠᠵᠤ᠂ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠤᠬᠠᠮᠰᠠᠷ ᠪᠠ ᠴᠢᠳᠠᠪᠤᠷᠢ ᠪᠠᠨ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠬᠥᠮᠦᠵᠢᠯ ᠤᠨ ᠴᠢᠬᠤᠯᠠ ᠠᠬᠢᠭᠤᠯᠤᠭᠴᠢ ᠪᠠ  ᠤᠶᠢᠯᠡᠳᠤᠯᠭᠡᠵᠢᠭᠦᠯᠦᠭᠴᠢ ᠪᠣᠯᠬᠤ ᠬᠡᠷᠡᠭᠲᠡᠶ᠃                                        ᠨᠠᠶᠢᠷᠠᠭᠤᠯᠤᠭᠴᠢ᠄  ᠯᠢ ᠬᠤᠩ ᠢᠦᠢ                                          ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2