ᠯᠢᠶᠠᠩᠴᠧᠩ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠄ ᠬᠠᠪᠤᠷ ᠤᠨ ᠲᠠᠷᠢᠶᠠᠯᠠᠭ᠎ᠠ ᠪᠠᠷ ᠴᠠᠬᠢᠯᠭᠠᠨ ᠬᠠᠩᠭᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2024/4/9
  ᠬᠠᠪᠤᠷ ᠤᠨ ᠲᠠᠷᠢᠶᠠᠯᠠᠭ᠎ᠠ ᠶᠢᠨ ᠴᠠᠭ ᠲᠤ᠂ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠨᠡᠮᠡᠭᠳᠡᠵᠦ᠂ ᠠᠷᠠᠳ ᠤᠯᠠᠨ ᠳᠤ ᠠᠮᠤᠷ ᠲᠦᠪᠰᠢᠨ ᠤ ᠴᠠᠬᠢᠯᠭᠠᠨ᠂ ᠰᠠᠨᠠᠭ᠎ᠠ ᠠᠮᠤᠷ ᠴᠠᠬᠢᠯᠭᠠᠨ ᠬᠡᠷᠡᠭᠯᠡᠭᠦᠯᠬᠦ ᠶᠢᠨ ᠲᠥᠯᠥᠭᠡ᠂ ᠯᠢᠶᠠᠩᠴᠧᠩ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠢᠨ ᠨᠠᠮ ᠤᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠠᠵᠢᠯ ᠲᠦᠷᠦᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠴᠠᠬᠢᠯᠭᠠᠨ ᠢ ᠪᠠᠲᠤᠯᠠᠬᠤ ᠳᠤᠭᠤᠶᠢᠯᠠᠩ ᠢ ᠪᠠᠶᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠴᠠᠬᠢᠯᠭᠠᠨ ᠬᠠᠩᠭᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃
     ᠣᠶᠢᠷ᠎ᠠ ᠳᠤ᠂ ᠭᠦᠸᠧ ᠰᠢᠶᠠᠨ ᠶᠣᠣ ᠶᠢᠨ ᠴᠠᠬᠢᠯᠭᠠᠨ ᠬᠠᠩᠭᠠᠬᠤ ᠭᠠᠵᠠᠷ ᠬᠠᠪᠤᠷ ᠤᠨ ᠲᠠᠷᠢᠶᠠᠯᠠᠭ᠎ᠠ ᠳᠤ ᠬᠡᠷᠡᠭᠯᠡᠬᠦ ᠴᠠᠬᠢᠯᠭᠠᠨ ᠤ ᠦᠢᠯᠡᠴᠢᠯᠡᠭᠡᠨ ᠤ 5 ᠰᠠᠯᠪᠤᠷᠢ ᠪᠠᠭ᠎ᠠ ᠠᠩᠭᠢ ᠶᠢ ᠪᠠᠶᠢᠭᠤᠯᠵᠤ᠂ ᠲᠠᠷᠢᠶᠠᠨ ᠳᠤᠮᠳᠠ ᠭᠦᠨᠵᠡᠭᠡᠶᠢᠷᠡᠵᠦ ᠴᠠᠬᠢᠯᠭᠠᠨ ᠬᠠᠩᠭᠠᠬᠤ ᠬᠡᠯᠬᠢᠶ᠎ᠡ᠂ ᠬᠦᠴᠦᠳᠡᠯ ᠥᠭᠡᠷᠡᠴᠢᠯᠡᠭᠴᠢ ᠵᠡᠷᠭᠡ ᠵᠠᠩᠭᠢᠯᠠᠭ᠎ᠠ ᠶᠢᠨ ᠲᠥᠬᠦᠭᠡᠷᠦᠮᠵᠢ ᠳᠤ ᠨᠠᠷᠢᠨ ᠨᠢᠭᠲᠠ ᠪᠠᠶᠢᠴᠠᠭᠠᠯᠲᠠ ᠬᠢᠵᠦ᠂ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠭᠡᠮ ᠰᠣᠭᠤᠭ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠪᠠ᠂ ᠡᠭᠦᠨ ᠠᠴᠠ ᠭᠠᠳᠠᠨ᠎ᠠ᠂ ᠠᠵᠢᠯᠲᠠᠳ ᠪᠠᠰᠠ ᠲᠤᠬᠠᠢ ᠶᠢᠨ ᠲᠠᠯᠠᠪᠠᠢ ᠳᠤ ᠲᠠᠶᠢᠯᠤᠮᠵᠢ ᠬᠢᠬᠦ᠂ ᠬᠥᠳᠡᠭᠡ ᠲᠣᠰᠬᠤᠨ ᠤ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠭᠠᠷ ᠳᠡᠪᠲᠡᠷ ᠲᠠᠷᠬᠠᠭᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠠᠨ ᠲᠦᠮᠡᠨ ᠤ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠵᠢᠴᠢ ᠴᠠᠬᠢᠯᠭᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠴᠠᠭ ᠢᠮᠠᠭᠲᠠ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠬᠠᠪᠤᠷ ᠤᠨ ᠤᠰᠤᠯᠠᠯᠲᠠ ᠶᠢᠨ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠴᠡᠢ᠃
      ᠬᠠᠪᠤᠷ ᠤᠨ ᠲᠠᠷᠢᠶᠠᠯᠠᠭ᠎ᠠ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ᠴᠢᠬᠤᠯᠠ ᠨᠢᠭᠡ ᠭᠤᠭᠴᠤᠭ᠎ᠠ ᠪᠣᠯᠬᠤ ᠪᠥᠭᠡᠳ ᠪᠠᠰᠠ ᠴᠤ ᠴᠠᠬᠢᠯᠭᠠᠨ ᠬᠠᠩᠭᠠᠬᠤ ᠦᠢᠯᠡᠴᠢᠯᠡᠭᠡᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠤᠨ᠎ᠠ᠂ ᠯᠢᠶᠠᠩᠴᠧᠩ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠢᠨ ᠡᠷᠲᠡ ᠠᠴᠠ ᠳᠤᠬᠢᠷᠠᠭᠤᠯᠵᠤ᠂ ᠨᠠᠷᠢᠨ ᠨᠢᠭᠲᠠ ᠪᠠᠶᠢᠷᠢᠯᠠᠭᠤᠯᠵᠤ᠂ ᠬᠠᠪᠤᠷ ᠤᠨ ᠪᠠᠶᠢᠴᠠᠭᠠᠯᠲᠠ ᠶᠢᠨ 35kV ᠬᠦᠴᠦᠳᠡᠯ ᠥᠭᠡᠷᠡᠴᠢᠯᠡᠬᠦ ᠦᠷᠳᠡᠭᠡ ᠶᠢ 3᠂ ᠨᠡᠶᠢᠲᠡ ᠳᠤ ᠭᠠᠷᠬᠤ ᠪᠠᠶᠢᠴᠠᠭᠠᠯᠲᠠ ᠶᠢᠨ 10kV ᠱᠤᠭᠤᠮ ᠢ 3᠂ ᠵᠢᠯᠣᠭᠤᠴᠢ ᠦᠭᠡᠢ ᠨᠢᠰᠬᠡᠯ ᠤᠨ ᠲᠣᠭᠤᠷᠢᠨ ᠪᠠᠶᠢᠴᠠᠭᠠᠯᠲᠠ ᠶᠢᠨ 18 ᠱᠤᠭᠤᠮ᠂ ᠬᠥᠮᠦᠨ ᠤ ᠬᠦᠴᠦᠨ ᠤ ᠲᠣᠭᠤᠷᠢᠨ ᠪᠠᠶᠢᠴᠠᠭᠠᠯᠲᠠ ᠶᠢᠨ 55 ᠱᠤᠭᠤᠮ ᠢ ᠥᠷᠨᠢᠭᠦᠯᠵᠦ᠂ 2400 ᠭᠠᠷᠤᠢ ᠬᠥᠮᠦᠨ ᠤᠳᠠᠭ᠎ᠠ᠂ ᠮᠠᠰᠢᠨ ᠲᠡᠷᠭᠡ ᠶᠢ 560 ᠭᠠᠷᠤᠢ ᠤᠳᠠᠭ᠎ᠠ ᠬᠥᠳᠡᠯᠭᠡᠵᠡᠢ᠃
   ᠭᠦᠸᠧ ᠰᠢᠶᠠᠨ ᠶᠣᠣ ᠶᠢᠨ ᠴᠠᠬᠢᠯᠭᠠᠨ ᠬᠠᠩᠭᠠᠬᠤ ᠭᠠᠵᠠᠷ ᠤᠨ ᠳᠠᠷᠤᠭ᠎ᠠ ᠹᠠᠨ ᠭᠦᠸᠧ ᠰᠢᠶᠠᠨ᠄ ︽ᠵᠠᠯᠭᠠᠭᠠᠳ ᠪᠢᠳᠡ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠭ᠎ᠠ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠴᠠᠬᠢᠯᠭᠠᠨ ᠬᠠᠩᠭᠠᠬᠤ ᠰᠠᠭᠤᠷᠢ ᠶᠢ ᠴᠢᠨᠠᠭᠰᠢᠳᠠ ᠪᠠᠬᠢᠵᠢᠭᠦᠯᠵᠦ᠂ ᠴᠠᠬᠢᠯᠭᠠᠨ ᠬᠡᠷᠡᠭᠯᠡᠬᠦ ᠣᠨᠴᠠᠯᠢᠭ ᠲᠠᠢ ᠤᠶᠠᠯᠳᠤᠭᠤᠯᠤᠨ ᠲᠠᠷᠢᠶᠠᠴᠢᠨ ᠡᠷᠦᠬᠡ ᠳᠤ ᠪᠠᠶᠢᠩᠭᠤ ᠶᠢᠨ ᠴᠠᠬᠢᠯᠭᠠᠨ ᠬᠦᠴᠦᠨ ᠤ ᠮᠥᠷᠳᠡᠯᠭᠡ ᠶᠢᠨ ᠦᠢᠯᠡᠴᠢᠯᠡᠭᠡ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾ ᠭᠡᠵᠦ ᠬᠡᠯᠡᠪᠡ᠃                                                    ᠨᠠᠶᠢᠷᠠᠭᠤᠯᠤᠭᠴᠢ᠄   ᠶᠠᠩ  ᠿᠦᠢ ᠵᠧᠨ                                                    ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2