ᠯᠢᠶᠠᠩᠴᠧᠩ ᠰᠢᠶᠠᠨ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠭᠠᠯ ᠤᠨᠲᠠᠷᠠᠭᠠᠬᠤ ᠠᠮᠤᠷ ᠲᠦᠪᠰᠢᠨ ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/9
    ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠬᠢᠵᠦ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠯᠢᠶᠠᠩᠴᠧᠩ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠥᠷᠨᠢᠭᠦᠯᠪᠡ᠃     ᠪᠣᠯᠪᠠᠰᠤᠷᠠᠭᠤᠯᠤᠯ ᠤᠨ ᠳᠤᠮᠳᠠ᠂ ᠶᠡᠭᠡ ᠠᠩᠭᠢ ᠶᠢᠨ ᠭᠤᠤᠯ ᠬᠠᠷᠢᠭᠤᠴᠠᠯᠭᠠᠲᠠᠨ ᠣᠶᠢᠷ᠎ᠠ ᠶᠢᠨ ᠬᠤᠭᠤᠴᠠᠭᠠᠨ ᠳᠤ ᠰᠤᠷᠭᠠᠭᠤᠯᠢ ᠶᠢᠨ ᠬᠦᠷᠢᠶᠡᠨ ᠳᠤ ᠭᠠᠷᠤᠭᠰᠠᠨ ᠦᠨᠡᠨ ᠪᠣᠳᠠᠲᠠᠶ ᠭᠠᠯ ᠤᠨ ᠭᠠᠮᠰᠢᠭ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠣᠶᠢᠷ᠎ᠠ ᠶᠢᠨ ᠵᠢᠯ ᠤᠳ ᠲᠤ ᠪᠥᠬᠦ ᠤᠯᠤᠰ ᠤᠨ ᠡᠯ᠎ᠡ ᠭᠠᠵᠠᠷ ᠲᠤ ᠭᠠᠷᠤᠭᠰᠠᠨ ᠡᠯ᠎ᠡ  ᠵᠤᠶᠢᠯ ᠤᠨ ᠭᠠᠯ ᠤᠨ ᠭᠠᠮᠰᠢᠭ ᠤᠨ ᠠᠳᠡᠯ ᠢ ᠵᠢᠭᠰᠠᠭᠠᠨ᠂ ᠭᠠᠯ ᠤᠨ ᠭᠠᠮᠰᠢᠭ ᠤᠨ ᠠᠳᠡᠯ ᠤᠨ ᠬᠦᠨᠳᠦ ᠨᠣᠴᠢᠲᠠᠶ ᠬᠤᠤᠷ ᠬᠥᠨᠥᠭᠡᠯᠲᠦ ᠴᠢᠨᠠᠷ ᠢ ᠬᠥᠮᠦᠵᠢᠭᠦᠯᠦᠨ ᠰᠡᠷᠡᠮᠵᠢᠯᠡᠭᠦᠯᠦᠭᠰᠡᠨ ᠤ ᠬᠠᠮᠲᠤ ᠪᠠᠰᠠ ᠠᠮᠢᠳᠤᠷᠠᠯ ᠪᠠ ᠠᠵᠢᠯ ᠤᠨ ᠣᠷᠴᠢᠨ ᠲᠣᠭᠤᠷᠢᠨ ᠳᠤ ᠨᠡᠶᠢᠳᠡᠮ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠲᠣᠭᠠᠴᠢᠭᠰᠠᠨ ᠪᠠᠶᠢᠨ᠎ᠠ᠃ ᠡᠭᠦᠨ ᠤ ᠬᠠᠮᠲᠤ ᠪᠠᠰᠠ ᠡᠳᠦᠷ ᠲᠤᠲᠤᠮ ᠤᠨ ᠠᠮᠢᠳᠤᠷᠠᠯ ᠤᠨ ᠳᠤᠮᠳᠠ ᠭᠠᠯ ᠲᠦᠢᠮᠡᠷ ᠤᠨ ᠮᠡᠳᠡᠭᠡ ᠶᠢ ᠬᠡᠷᠬᠢᠨ ᠮᠡᠳᠡᠭᠦᠯᠬᠦ᠂ ᠭᠠᠯ ᠲᠦᠢᠮᠡᠷ ᠤᠨ ᠳᠤᠮᠳᠠ ᠬᠡᠷᠬᠢᠨ ᠬᠥᠮᠦᠰ ᠢ ᠲᠠᠷᠬᠠᠭᠠᠬᠤ᠂ ᠠᠮᠢ ᠵᠢᠭᠤᠲᠠᠬᠤ᠂ ᠥᠪᠡᠷ ᠢ ᠪᠠᠨ ᠠᠪᠤᠷᠠᠬᠤ᠂ ᠭᠠᠯ ᠤᠨᠲᠠᠷᠠᠭᠠᠬᠤ ᠵᠡᠷᠭᠡ ᠮᠡᠳᠡᠯᠭᠡ ᠶᠢ ᠨᠠᠷᠢᠨ ᠲᠠᠨᠢᠯᠴᠠᠭᠤᠯᠪᠠ᠃     ᠳᠠᠷᠠᠭ᠎ᠠ ᠨᠢ᠂ ᠭᠠᠯ ᠤᠨᠲᠠᠷᠠᠭᠠᠭᠴᠢ ᠠᠴᠠ ᠬᠠᠮᠲᠤ ᠰᠤᠷᠤᠭᠴᠢᠳ ᠢ ᠵᠣᠬᠢᠶᠠᠨ ᠪᠠᠶᠢᠭᠤᠯᠵᠤ ᠤᠢᠢᠷ᠎ᠠ ᠵᠠᠶ ᠠᠴᠠ ᠭᠠᠯ ᠤᠨᠲᠠᠷᠠᠭᠠᠬᠤ ᠮᠠᠰᠢᠨ ᠲᠡᠷᠭᠡᠨ ᠤ ᠲᠣᠨᠣᠭᠯᠠᠯ ᠵᠢᠴᠢ ᠭᠠᠯ ᠤᠨᠲᠠᠷᠠᠭᠠᠭᠴᠢ ᠶᠢᠨ ᠭᠠᠷ ᠲᠠᠭᠠᠨ ᠪᠠᠷᠢᠬᠤ᠂ ᠡᠮᠦᠰᠬᠦ ᠠᠪᠴᠤ ᠶᠠᠪᠤᠬᠤ ᠡᠯ᠎ᠡ ᠵᠦᠢᠯ ᠤᠨ ᠲᠤᠨᠤᠭ ᠲᠥᠬᠦᠭᠡᠷᠦᠮᠵᠢ ᠶᠢᠨ ᠴᠢᠨᠠᠷ ᠴᠢᠨᠰᠠᠭ᠎ᠠ ᠶᠢᠨ ᠪᠣᠯᠵᠣᠯᠲᠤ ᠲᠤᠭ᠎ᠠ ᠪᠣᠯᠤᠨ ᠭᠤᠣᠯ ᠬᠡᠷᠡᠭᠴᠡᠭᠡ ᠶᠢ ᠲᠠᠶᠢᠯᠪᠤᠷᠢᠯᠠᠪᠠ᠃ ᠬᠠᠮᠲᠤ ᠰᠤᠷᠤᠭᠴᠢᠳ ᠢ ᠤᠷᠢᠵᠤ ᠭᠠᠯ ᠤᠨᠲᠠᠷᠠᠭᠠᠭᠴᠢ ᠶᠢᠨ ᠪᠠᠶᠢᠯᠳᠤᠭᠠᠨ ᠤ ᠬᠤᠪᠴᠠᠰᠤ ᠶᠢ ᠲᠤᠷᠰᠢᠨ ᠡᠮᠦᠰᠬᠡᠵᠦ᠂ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ᠂ ᠠᠩᠬᠠᠨ ᠤ ᠦᠶ᠎ᠡ ᠶᠢᠨ ᠭᠠᠯ ᠢ ᠤᠨᠲᠠᠷᠠᠭᠠᠬᠤ ᠤᠷ᠎ᠠ ᠮᠡᠷᠭᠡᠵᠢᠯ ᠢ ᠤᠯᠠᠮᠵᠢᠯᠠᠵᠤ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠤᠬᠠᠶ ᠰᠤᠷᠤᠭᠴᠢᠳ ᠢ ᠨᠡᠩ ᠰᠢᠭᠤᠳ ᠲᠠᠨᠢᠯᠲᠠ ᠲᠠᠢ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠤᠬᠠᠭᠤᠯᠭ᠎ᠠ ᠶᠢᠨ ᠲᠠᠲᠠᠬᠤ ᠬᠦᠴᠦᠨ ᠪᠣᠯᠤᠨ ᠰᠣᠨᠢᠷᠬᠠᠯᠲᠤ ᠴᠢᠨᠠᠷ ᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠪᠠᠭᠰᠢ ᠰᠤᠷᠤᠭᠴᠢᠳ ᠢ ᠪᠠᠶᠠᠷ ᠪᠠᠶᠠᠰᠬᠤᠯᠠᠩᠲᠠᠶ ᠠᠭᠤᠷ ᠠᠮᠢᠰᠬᠤᠯ ᠤᠨ ᠳᠤᠮᠳᠠ ᠭᠡᠨᠡᠳᠲᠡ ᠶᠢᠨ ᠠᠶᠤᠯ ᠢ  ᠠᠷᠭᠠᠴᠠᠭᠠᠬᠤ ᠪᠠᠴᠢᠮ ᠪᠠᠶᠢᠳᠠᠯ ᠢ  ᠰᠢᠢᠳᠪᠤᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ ᠭᠡᠵᠡᠶ᠃ ᠡᠭᠦᠨ ᠤ ᠬᠠᠮᠲᠤ ᠭᠠᠯ ᠤᠨᠲᠠᠷᠠᠭᠠᠭᠤᠷ ᠤᠨ ᠵᠢᠩᠬᠢᠨᠢ ᠪᠣᠯᠪᠠᠰᠤᠷᠠᠯ ᠢ ᠵᠢᠭᠠᠨ ᠰᠤᠷᠭᠠᠵᠤ᠂ ᠪᠠᠭᠰᠢ ᠰᠤᠷᠤᠭᠴᠢᠳ ᠤᠨ ᠭᠠᠯ ᠤᠨᠲᠠᠷᠠᠭᠠᠭᠤᠷ ᠤᠨ ᠠᠵᠢᠯᠯᠠᠭ᠎ᠠ ᠶᠢ ᠭᠦᠨᠵᠡᠭᠡᠶᠢᠷᠡᠭᠦᠯᠪᠡ᠃     ᠲᠠᠷᠠᠭᠠᠴᠢ ᠶᠢᠨ ᠠᠯᠬᠤᠮ ᠳᠤ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠦᠷᠭᠦᠯᠵᠢᠯᠡᠨ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠢ ᠴᠢᠩᠭ᠎ᠠ ᠠᠩᠬᠠᠷᠴᠤ᠂ ︽ᠭᠠᠯ ᠤᠨᠲᠠᠷᠠᠭᠠᠬᠤ ᠠᠮᠤᠷ ᠲᠦᠪᠰᠢᠨ ᠢᠶᠠᠷ ᠰᠤᠷᠭᠠᠭᠤᠯᠢ ᠶᠢᠨ ᠬᠦᠷᠢᠶᠡᠨ ᠳᠤ ᠣᠷᠣᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠣᠯᠤᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠠᠭᠠᠯᠠᠯᠲᠠ ᠶᠢ ᠬᠠᠮᠠᠭᠠᠯᠠᠨ᠎ᠠ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2