ᠮᠠᠨ ᠤ ᠰᠢᠶᠠᠨ ᠰᠣᠶᠣᠯ ᠤᠳᠬ᠎ᠠ ᠤᠷᠠᠯᠢᠭ ᠤᠨ ᠭᠤᠷᠪᠠ ᠶᠢ ᠬᠥᠳᠡᠭᠡ ᠪᠠᠭᠤᠯᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2024/5/11
 ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠥᠷᠭᠡᠨ ᠣᠯᠠᠨ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠪᠠᠶᠠᠯᠢᠭ ᠰᠠᠶᠢᠬᠠᠨ ᠰᠣᠶᠣᠯ ᠤᠨ ᠦᠢᠯᠡᠴᠢᠯᠡᠭᠡ ᠪᠠ ᠳᠥᠭᠦᠮ ᠦᠵᠡᠭᠦᠯᠬᠦ ᠶᠢᠨ ᠲᠥᠯᠥᠭᠡ ᠶᠤᠮ᠃ 5 ᠰᠠᠷ᠎ᠠ ᠶᠢᠨ 9᠎ ᠤ ᠡᠳᠦᠷ᠂ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠰᠢᠶᠠᠨ ᠤ ᠤᠯᠠᠭᠠᠨᠮᠥ᠋ᠴᠢᠷ᠂ ᠰᠢᠨᠬᠤᠸᠠ ᠨᠣᠮ ᠤᠨ ᠳᠡᠯᠭᠡᠭᠦᠷ ᠮᠠᠶᠢᠬᠤᠲᠤ ᠪᠠᠯᠭᠠᠰᠤᠨ ᠤ ᠱᠧᠩ ᠯᠢ ᠲᠣᠰᠬᠤᠨ ᠳᠤ ᠭᠦᠨᠵᠡᠭᠡᠶᠢᠷᠡᠨ ︽ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠶ᠎ᠠ︾ ᠭᠡᠬᠦ ᠭᠤᠤᠯ ᠰᠡᠳᠦᠪᠲᠦ ᠰᠣᠶᠣᠯ ᠤᠳᠬ᠎ᠠ ᠤᠷᠠᠯᠢᠭ ᠤᠨ ᠭᠤᠷᠪᠠ ᠶᠢ ᠬᠥᠳᠡᠭᠡ ᠪᠠᠭᠤᠯᠭᠠᠬᠤ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃
      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠯᠠᠭ᠎ᠠ ᠳᠤ ᠣᠷᠣᠯᠴᠠᠭᠰᠠᠳ ᠠᠯᠪᠠᠨ ᠵᠢᠷᠤᠮ ᠤᠨ ᠦᠰᠦ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠠᠰᠠ ᠤᠯᠠᠨ ᠲᠦᠮᠡᠨ ᠤ ᠭᠡᠷ ᠲᠤ ᠭᠦᠨᠵᠡᠭᠡᠶᠢᠷᠡᠨ ᠡᠯ᠎ᠡ ᠬᠡᠯᠪᠡᠷᠢ ᠶᠢᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠵᠣᠬᠢᠶᠠᠨ ᠪᠦᠲᠦᠭᠡᠵᠦ ᠣᠷᠣᠯᠴᠠᠭᠰᠠᠨ ᠤᠯᠠᠨ ᠲᠦᠮᠡᠨ ᠳᠤ ᠪᠡᠯᠡᠭᠯᠡᠭᠰᠡᠨ ᠪᠥᠭᠡᠳ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠪᠣᠯᠤᠨ ᠰᠣᠶᠣᠯ ᠤᠨ ᠠᠭᠤᠯᠤᠭᠳᠠᠬᠤᠨ ᠢ ᠬᠦᠯᠢᠴᠡᠩᠭᠦᠢ ᠪᠠᠷ ᠲᠠᠶᠢᠯᠪᠤᠷᠢᠯᠠᠵᠤ᠂ ᠤᠯᠠᠨ ᠲᠦᠮᠡᠨ ᠳᠤ ᠤᠯᠠᠮᠵᠢᠯᠠᠯᠲᠤ ᠰᠣᠶᠣᠯ ᠤᠨ ᠬᠢᠵᠠᠭᠠᠯᠠᠰᠢ ᠦᠭᠡᠢ ᠷᠢᠳᠢ ᠰᠢᠳᠢ ᠶᠢ ᠦᠨᠡᠨᠬᠦ ᠮᠡᠳᠡᠷᠡᠭᠦᠯᠪᠡ᠃ ᠤᠯᠠᠭᠠᠨᠮᠥ᠋ᠴᠢᠷ ᠤᠨ ᠭᠡᠰᠢᠭᠦᠳ ᠥᠪᠡᠷᠮᠢᠴᠡ ᠤᠷᠠᠯᠢᠭ ᠤᠨ ᠬᠡᠯᠪᠡᠷᠢ ᠪᠠᠷ ᠲᠣᠰᠬᠤᠨ ᠤ ᠠᠷᠠᠳ ᠲᠤ ︽ᠦᠵᠡᠰᠬᠦᠯᠡᠩᠲᠦ ᠰᠠᠶᠢᠬᠠᠨ ᠮᠢᠨᠦ ᠭᠡᠷ ᠨᠤᠲᠤᠭ︾᠂ ︽ᠵᠠᠭᠤᠨ ᠰᠠᠶᠢᠨ ᠠᠴᠢᠯᠠᠯ ᠢ ᠲᠡᠷᠢᠭᠦᠨ ᠳᠤ ᠲᠠᠯᠪᠢᠬᠤ︾᠂ ︽ᠠᠷᠪᠠᠨ ᠲᠦᠮᠡᠨ ᠭᠠᠵᠠᠷ ᠤᠨ ᠤᠷᠢᠳᠠᠯ︾᠂ ︽ᠤᠮᠠᠷᠠᠲᠤ ᠬᠢᠯᠢ ᠶᠢᠨ ᠴᠡᠴᠡᠭ ᠳᠡᠯᠭᠡᠷᠡᠭᠰᠡᠨ ᠨᠢ︾ ᠵᠡᠷᠭᠡ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠠᠶ᠃ ᠰᠢᠨᠬᠤᠸᠠ ᠨᠣᠮ ᠤᠨ ᠳᠡᠯᠭᠡᠭᠦᠷ ︽ᠤᠮᠠᠷᠠᠲᠤ ᠬᠢᠯᠢ ᠶᠢ ᠦᠵᠡᠵᠦ ᠶᠠᠪᠤᠬᠤ ᠰᠠᠭᠤᠷᠢ︾ ᠭᠡᠬᠦ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠵᠡᠷᠭᠡ ᠪᠠᠷ ᠥᠷᠨᠢᠭᠦᠯᠦᠭᠰᠡᠨ ᠪᠥᠭᠡᠳ ᠨᠡᠭᠦᠳᠡᠯ ᠨᠣᠮ ᠬᠤᠳᠠᠯᠳᠤᠬᠤ ᠴᠡᠭ ᠭᠠᠷᠭᠠᠵᠤ᠂ ᠲᠣᠰᠬᠤᠨ ᠤ ᠠᠷᠠᠳ ᠲᠤ ᠤᠩᠰᠢᠯᠭ᠎ᠠ ᠶᠢᠨ ᠵᠢᠯᠣᠭᠤᠳᠣᠯᠭ᠎ᠠ ᠪᠠ ᠨᠣᠮ ᠬᠤᠳᠠᠯᠳᠤᠨ ᠠᠪᠬᠤ ᠰᠠᠨᠠᠭᠤᠯᠭ᠎ᠠ ᠬᠠᠩᠭᠠᠵᠤ᠂ ᠲᠡᠳᠡᠨ ᠢ ᠬᠠᠪᠰᠤᠷᠤᠨ ᠤᠮᠠᠷᠠᠲᠤ ᠬᠢᠯᠢ ᠶᠢᠨ ᠰᠣᠶᠣᠯ ᠢ ᠨᠠᠩ ᠰᠠᠶᠢᠲᠤᠷ ᠣᠶᠢᠯᠠᠭᠠᠭᠤᠯᠤᠨ ᠤᠯᠠᠮᠵᠢᠯᠠᠪᠠ᠃
   ᠦᠷᠭᠦᠯᠵᠢᠯᠡᠨ ᠥᠷᠨᠢᠭᠦᠯᠦᠭᠰᠡᠨ ᠰᠣᠶᠣᠯ ᠤᠷᠠᠯᠢᠭ ᠤᠨ ᠭᠤᠷᠪᠠ ᠶᠢ ᠬᠥᠳᠡᠭᠡ ᠪᠠᠭᠤᠯᠭᠠᠬᠤ ᠠᠵᠢᠯᠯᠠᠭ᠎ᠠ ᠨᠢ ᠬᠥᠳᠡᠭᠡ ᠲᠣᠰᠬᠤᠨ ᠤ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠪᠠ᠃
    ᠤᠯᠠᠭᠠᠨᠮᠥ᠋ᠴᠢᠷ ᠤᠨ ᠬᠤᠷᠢᠶᠠᠨ ᠳᠠᠷᠤᠭ᠎ᠠ ᠵᠠᠩ ᠶᠤᠸᠠᠨ ᠨᠠ ᠲᠠᠨᠢᠯᠴᠠᠭᠤᠯᠬᠤ ᠳᠠᠭᠠᠨ᠄ ︽ᠰᠣᠶᠣᠯ ᠤᠯᠠᠮᠵᠢᠯᠠᠯ ᠠᠴᠠ ᠪᠤᠯᠵᠤ ᠭᠤᠶᠢᠳᠠ ᠰᠠᠶᠢᠬᠠᠨ ᠪᠠᠶᠢᠵᠤ᠂ ᠰᠢᠨ᠎ᠡ ᠶᠢ ᠡᠭᠦᠳᠦᠭᠰᠡᠨ ᠮᠥᠷᠲᠡᠭᠡᠨ ᠰᠠᠶᠢᠨ ᠰᠠᠶᠢᠬᠠᠨ ᠪᠠᠶᠢᠵᠤ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠬᠤ ᠶᠢᠨ ᠲᠥᠯᠥᠭᠡ᠂ ᠯᠢᠶᠠᠩᠴᠧᠩ ᠰᠢᠶᠠᠨ ᠤ ᠤᠯᠠᠭᠠᠨᠮᠥ᠋ᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠵᠢᠷᠤᠮᠯᠠᠨ᠂ ᠬᠠᠮᠤᠭ ᠤᠨ ᠰᠢᠨ᠎ᠡ ᠬᠡᠳᠦᠨ ᠪᠦᠲᠦᠭᠡᠯ ᠢ ᠵᠣᠬᠢᠶᠠᠨ ᠪᠦᠲᠦᠭᠡᠵᠦ᠂ ᠥᠨᠥᠳᠦᠷ ᠤᠨ ᠲᠣᠭᠯᠠᠯᠲᠠ ᠳᠠᠭᠠᠨ ᠪᠢᠳᠡ ᠬᠤᠶᠠᠷ ᠪᠥᠵᠢᠭ ᠢ ᠳᠡᠯᠭᠡᠨ ᠦᠵᠡᠭᠦᠯᠵᠦ᠂ ︽ᠤᠮᠠᠷᠠᠲᠤ ᠬᠢᠯᠢ ᠶᠢᠨ ᠴᠡᠴᠡᠭ ᠳᠡᠯᠭᠡᠷᠡᠯ︾ ᠪᠣᠯᠤᠨ ︽ᠭᠡᠷᠡᠯ ᠭᠢᠯᠪᠠᠭ᠎ᠠ ᠪᠠᠨ ᠰᠠᠴᠤᠷᠠᠭᠤᠯᠤᠶ᠎ᠠ︾ ᠭᠡᠵᠦ ᠲᠠᠨᠢᠯᠴᠠᠭᠤᠯᠤᠨ᠂ ᠠᠷᠠᠳ ᠤᠯᠠᠨ ᠳᠤ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠣᠶᠢᠯᠠᠭᠠᠭᠤᠯᠵᠤ᠂ ᠲᠠᠯ᠎ᠠ ᠨᠤᠲᠤᠭ ᠤᠨ ᠰᠣᠶᠣᠯ᠂ ᠬᠤᠪᠢᠰᠬᠠᠯ ᠤᠨ ᠰᠣᠶᠣᠯ᠂ ᠲᠠᠷᠢᠶᠠᠯᠠᠬᠤ ᠰᠣᠶᠣᠯ᠂ ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠠᠷᠠᠳ ᠤᠯᠠᠨ ᠢ ᠨᠡᠩ ᠴᠢᠩ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠲᠥᠪ ᠬᠤᠷᠢᠶᠠᠨ ᠤ ᠬᠤᠪᠢᠰᠬᠠᠯ ᠤᠨ ᠤᠳᠤᠮᠰᠢᠯ ᠢ ᠦᠶ᠎ᠡ ᠶᠢᠨ ᠦᠶ᠎ᠡ ᠳᠤ ᠰᠡᠶᠢᠯᠵᠦ᠂ ᠰᠡᠳᠬᠢᠯ ᠵᠢᠷᠦᠬᠡ ᠪᠠᠨ ᠨᠠᠮ ᠤᠨ ᠲᠥᠪ ᠬᠤᠷᠢᠶᠠᠨ ᠤ ᠬᠤᠪᠢᠰᠬᠠᠯᠲᠤ ᠤᠳᠤᠮᠰᠢᠯ ᠢ ᠦᠶ᠎ᠡ ᠶᠢᠨ ᠦᠶ᠎ᠡ ᠳᠤ ᠰᠡᠶᠢᠯᠪᠡ᠃                                                    ᠨᠠᠶᠢᠷᠠᠭᠤᠯᠤᠭᠴᠢ᠄   ᠶᠠᠩ  ᠿᠦᠢ ᠵᠧᠨ                                                    ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2