ᠮᠠᠨ ᠤ ᠰᠢᠶᠠᠨ 16 ᠳ᠋ᠤᠭᠠᠷ ︽ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/12
   5 ᠰᠠᠷ᠎ᠠ ᠶᠢᠨ 12᠎ ᠤᠨ ᠡᠳᠦᠷ ᠪᠣᠯ 16 ᠳ᠋ᠤᠭᠠᠷ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠠᠶᠤᠯ ᠠᠴᠠ ᠵᠠᠶᠢᠯᠠᠵᠤ ᠬᠠᠷᠢᠯᠴᠠᠨ ᠠᠪᠤᠷᠠᠬᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 12᠎ ᠤᠨ ᠡᠳᠦᠷ᠂ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠬᠤᠯᠪᠣᠭᠳᠠᠯ ᠪᠦᠬᠦᠢ ᠨᠢᠭᠡᠴᠡ ᠲᠠᠢ ᠬᠠᠮᠲᠤᠷᠠᠨ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ︾᠎ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠠᠢ ᠳᠤ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠭᠠᠮᠰᠢᠭ ᠤᠨ ᠠᠶᠤᠯ ᠲᠦᠭᠰᠢᠭᠦᠷᠢ ᠶᠢᠨ ᠦᠨᠳᠦᠰᠦᠨ ᠮᠡᠳᠡᠯᠭᠡ ᠪᠣᠯᠤᠨ ᠰᠡᠷᠭᠡᠶᠢᠯᠡᠨ ᠠᠷᠭᠠᠴᠠᠬᠤ ᠤᠷ᠎ᠠ ᠴᠢᠳᠠᠪᠤᠷᠢ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠨᠡᠮᠡᠭᠳᠡᠭᠦᠯᠬᠦ ᠶᠢᠨ ᠬᠠᠮᠲᠤ᠂ ᠲᠤᠬᠠᠢ ᠶᠢᠨ ᠲᠠᠯᠠᠪᠠᠢ ᠳᠤ ᠠᠮᠢ ᠵᠢᠭᠤᠲᠠᠵᠤ ᠥᠪᠡᠷ ᠢ ᠪᠠᠨ ᠠᠪᠤᠷᠠᠬᠤ᠂ ᠵᠢᠷᠦᠬᠡ ᠠᠭᠤᠰᠬᠢᠨ ᠤ ᠰᠡᠷᠭᠦᠯᠲᠡ ᠪᠣᠯᠤᠨ ᠴᠢᠰᠤ ᠵᠣᠭᠰᠣᠭᠠᠬᠤ ᠪᠣᠭᠤᠯᠲᠠ ᠵᠡᠷᠭᠡ ᠪᠠᠴᠢᠮ ᠪᠠᠶᠢᠳᠠᠯ ᠢ ᠠᠷᠭᠠᠴᠠᠬᠤ ᠤᠷ᠎ᠠ ᠴᠢᠳᠠᠪᠤᠷᠢ ᠶᠢᠨ ᠦᠵᠡᠭᠦᠯᠦᠯᠭᠡ ᠬᠢᠭᠰᠡᠨ ᠪᠥᠭᠡᠳ ᠤᠯᠠᠨ ᠲᠦᠮᠡᠨ ᠢ ᠡᠮᠬᠢ ᠵᠢᠷᠤᠮ ᠲᠠᠢ ᠪᠠᠷ ᠬᠦᠳᠦᠯᠦᠨ ᠵᠢᠯᠣᠭᠤᠳᠴᠤ ᠬᠠᠷᠢᠯᠴᠠᠨ ᠬᠥᠳᠡᠯᠦᠯᠴᠡᠬᠦ᠂ ᠪᠡᠶᠡᠴᠢᠯᠡᠨ ᠣᠶᠢᠯᠠᠭᠠᠭᠤᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃ ᠪᠠᠭ᠎ᠠ ᠰᠤᠷᠭᠠᠭᠤᠯᠢ ᠶᠢᠨ ᠰᠤᠷᠤᠭᠴᠢ ᠳ᠋ᠦ᠋ ᠷᠦᠢ ᠬᠡᠯᠡᠭᠰᠡᠨ ᠨᠢ᠄ ︽ᠥᠨᠥᠳᠦᠷ ᠤᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠭᠠᠵᠠᠷ ᠬᠥᠳᠡᠯᠦᠯᠲᠡ ᠬᠦᠷᠴᠦ ᠢᠷᠡᠬᠦ ᠦᠶ᠎ᠡ ᠳᠤ ᠯᠠᠪᠳᠠᠭᠤᠨ ᠲᠣᠭᠲᠠᠭᠤᠨ ᠪᠠᠶᠢᠬᠤ ᠬᠡᠷᠡᠭᠲᠡᠶ᠂ ᠠᠶᠤᠵᠤ ᠰᠠᠨᠳᠤᠷᠴᠤ ᠪᠣᠯᠬᠤ ᠦᠭᠡᠢ᠂ ᠠᠯᠢ ᠲᠦᠷᠭᠡᠨ ᠢᠶᠠᠷ ᠠᠮᠤᠷ ᠲᠦᠪᠰᠢᠨ ᠭᠠᠵᠠᠷ ᠳᠡᠭᠡᠷ᠎ᠡ ᠳᠤᠲᠠᠭᠠᠵᠤ ᠢᠷᠡᠭᠡᠳ ᠠᠯᠢ ᠴᠢᠳᠠᠬᠤ ᠪᠠᠷ ᠪᠡᠶ᠎ᠡ ᠪᠠᠨ ᠬᠠᠮᠠᠭᠠᠯᠠᠬᠤ ᠬᠡᠷᠡᠭᠲᠡᠶ︾ ᠭᠡᠪᠡ᠃
   ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠪᠥᠬᠦ ᠨᠡᠶᠢᠭᠡᠮ ᠢᠶᠠᠷ ᠢᠶᠠᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠠᠩᠬᠠᠷᠬᠤ ᠳᠤ ᠢᠳᠡᠪᠬᠢᠲᠡᠶ ᠦᠢᠯᠡᠳᠦᠯ ᠦᠵᠡᠭᠦᠯᠦᠭᠰᠡᠨ ᠪᠠᠶᠢᠨ᠎ᠠ᠃                                          ᠨᠠᠶᠢᠷᠠᠭᠤᠯᠤᠭᠴᠢ᠄   ᠶᠠᠩ  ᠿᠦᠢ ᠵᠧᠨ                                          ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2