ᠵᠠᠩ ᠷᠦᠢ ᠵᠢᠤᠸᠠᠨ᠄ ᠰᠤᠪᠢᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠦᠨ᠎ᠡ
ᠨᠡᠶᠢᠲᠡᠯᠡᠭᠰᠡᠨ ᠴᠠᠭ᠄
2024/5/12
  20 ᠭᠠᠷᠤᠢ ᠵᠢᠯ ᠤᠨ ᠲᠤᠷᠰᠢ᠂ ᠲᠡᠷᠡ ᠢᠮᠠᠭᠲᠠ ᠰᠤᠪᠢᠯᠠᠯᠲᠠ ᠶᠢᠨ ᠠᠵᠢᠯ ᠤᠨ ᠬᠠᠶᠢᠷ᠎ᠠ ᠰᠡᠳᠬᠢᠯᠭᠡ ᠪᠠᠨ ᠪᠠᠲᠤᠯᠠᠵᠤ᠂ ᠠᠵᠢᠯ ᠦᠢᠯᠡᠰ ᠢᠶᠠᠨ ᠳᠡᠭᠡᠳᠦᠯᠡᠵᠦ᠂ ᠬᠠᠷᠠᠮ ᠦᠭᠡᠢ ᠵᠢᠳᠬᠦᠵᠦ᠂ ︽ᠴᠠᠭᠠᠨ ᠬᠤᠪᠴᠠᠰᠤᠲᠤ ᠡᠯᠴᠢ︾᠎ ᠎ ᠶᠢᠨ ᠠᠭᠤᠯᠭ᠎ᠠ ᠶᠢ ᠲᠠᠶᠢᠯᠪᠤᠷᠢᠯᠠᠪᠠ᠂ ᠲᠡᠷᠡ ᠪᠣᠯ ᠳᠠᠷᠤᠢ ᠯᠢᠶᠠᠩᠴᠧᠩ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠤᠪᠢᠯᠠᠯᠲᠠ ᠶᠢᠨ ᠬᠡᠯᠲᠡᠰ ᠤᠨ ᠡᠷᠬᠢᠯᠡᠭᠴᠢ ᠵᠠᠩ ᠷᠦᠢ ᠵᠢᠤᠸᠠᠨ ᠪᠣᠯᠤᠨ᠎ᠠ᠃
        ᠡᠳᠦᠷ ᠪᠦᠷᠢ ᠶᠢᠨ ᠥᠷᠯᠥᠭᠡ ᠡᠷᠲᠡ᠂ ᠰᠤᠪᠢᠯᠠᠯᠲᠠ ᠶᠢᠨ ᠭᠠᠵᠠᠷ ᠶᠠᠭᠠᠷᠠᠯᠲᠠᠶ ᠨᠢᠭᠡ ᠡᠳᠦᠷ ᠳᠠᠷᠤᠶ ᠡᠬᠢᠯᠡᠨ ᠠᠵᠢᠯᠯᠠᠵᠤ᠂ ᠲᠤᠬᠠᠶ ᠶᠢᠨ ᠡᠳᠦᠷ ᠤᠨ ᠠᠵᠢᠯ ᠢᠶᠠᠨ ᠲᠣᠬᠢᠷᠠᠭᠤᠯᠤᠭᠰᠠᠨ ᠤ ᠳᠠᠷᠠᠭ᠎ᠠ᠂ ᠵᠠᠩ ᠷᠦᠢ ᠵᠢᠤᠸᠠᠨ ᠡᠪᠡᠳᠴᠢᠲᠡᠨ ᠤ ᠬᠡᠷ ᠲᠤ ᠣᠷᠣᠵᠤ᠂ ᠡᠪᠡᠳᠴᠢᠲᠡᠨ ᠲᠠᠢ ᠳᠣᠲᠣᠨᠣ ᠪᠠᠷ ᠶᠠᠷᠢᠯᠴᠠᠵᠤ᠂ ᠡᠪᠡᠳᠴᠢᠲᠡᠨ ᠤ ᠪᠡᠶ᠎ᠡ ᠶᠢᠨ ᠪᠠᠶᠢᠳᠠᠯ ᠢ ᠯᠠᠪᠯᠠᠨ ᠠᠰᠠᠭᠤᠵᠤ᠂ ᠡᠪᠡᠳᠴᠢᠲᠡᠨ ᠢ ᠠᠩᠬᠠᠷᠬᠤ ᠬᠡᠷᠡᠭᠲᠡᠶ ᠭᠡᠵᠦ ᠵᠠᠬᠢᠪᠠ᠃ ᠳᠥᠬᠦᠮ ᠮᠡᠨᠳᠦᠴᠢᠯᠡᠯ᠂ ᠰᠤᠪᠢᠯᠠᠭᠴᠢ ᠪᠣᠯᠤᠨ ᠡᠪᠡᠳᠴᠢᠲᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠡᠪᠡᠳᠴᠢᠲᠡᠨ ᠵᠢᠴᠢ ᠭᠡᠷ ᠪᠦᠯᠢ ᠶᠢᠨ ᠬᠢᠨ ᠳᠤ ᠡᠮᠴᠢ ᠡᠪᠡᠳᠴᠢᠲᠡᠨ ᠤ ᠬᠤᠭᠤᠷᠣᠨᠳᠣᠬᠢ ᠡᠷᠬᠡ ᠲᠡᠭᠰᠢ ᠪᠠ ᠳᠣᠲᠣᠨᠣ ᠪᠠᠶᠢᠬᠤ ᠶᠢ ᠣᠶᠢᠯᠠᠭᠠᠭᠤᠯᠪᠠ᠃ ᠡᠪᠡᠳᠴᠢᠲᠡᠨ ᠤ ᠭᠡᠷ ᠪᠦᠯᠢ ᠶᠢᠨ ᠬᠢᠨ ᠢᠦᠢ ᠶᠢᠨ ᠧ᠄ ︽ᠵᠠᠩ ᠡᠷᠬᠢᠯᠡᠭᠴᠢ ᠡᠪᠡᠳᠴᠢᠲᠡᠨ ᠢ ᠶᠡᠭᠡ ᠰᠠᠶᠢᠨ ᠬᠠᠷᠠᠭᠠᠯᠵᠠᠵᠤ ᠪᠠᠶᠢᠨ᠎ᠠ᠂  ᠵᠠᠩ ᠡᠷᠬᠢᠯᠡᠭᠴᠢ ᠶᠢᠨ ᠬᠡᠯᠡᠭᠰᠡᠨ ᠮᠠᠰᠢ ᠲᠣᠳᠣᠷᠬᠠᠢ᠂ ᠶᠡᠭᠡ ᠰᠠᠶᠢᠨ᠂ ᠮᠠᠰᠢ ᠰᠡᠳᠬᠢᠯ ᠬᠠᠨᠤᠮᠵᠢᠲᠠᠢ ᠪᠠᠶᠢᠨ᠎ᠠ︾ ᠭᠡᠵᠦ ᠬᠡᠯᠡᠪᠡ᠃
   ᠵᠠᠩ ᠷᠦᠢ ᠵᠢᠤᠸᠠᠨ 2003 ᠣᠨ ᠳᠤ ᠠᠰᠠᠷᠠᠨ ᠰᠤᠪᠢᠯᠠᠬᠤ ᠠᠵᠢᠯ ᠲᠥᠷᠥᠯ ᠳᠤ ᠢᠷᠡᠭᠰᠡᠨ ᠠᠴᠠ ᠨᠠᠰᠢ᠂ ︽ᠡᠪᠡᠳᠴᠢᠲᠡᠨ ᠢᠶᠠᠷ ᠭᠤᠤᠯ ᠪᠣᠯᠭᠠᠬᠤ︾ ᠦᠢᠯᠡᠴᠢᠯᠡᠭᠡᠨ ᠤ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠰᠤᠪᠢᠯᠠᠬᠤ ᠶᠠᠰᠤ ᠴᠢᠨᠠᠷ ᠪᠣᠯᠤᠨ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ ᠲᠡᠷᠡ ᠦᠨᠡᠨᠴᠢ ᠬᠠᠶᠢᠷ᠎ᠠ ᠬᠠᠯᠠᠮᠵᠢ ᠪᠠ ᠬᠠᠲᠠᠭᠤ ᠴᠢᠩᠭ᠎ᠠ ᠰᠤᠪᠢᠯᠠᠯᠲᠠ ᠶᠢᠨ ᠮᠡᠷᠭᠡᠵᠢᠯ ᠢᠶᠠᠷ ᠰᠤᠪᠢᠯᠠᠯᠲᠠ ᠶᠢᠨ ᠦᠢᠯᠡᠰ ᠲᠤ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠪᠡ᠃ ᠠᠯᠢ ᠠᠵᠢᠯ ᠤᠨ ᠪᠠᠶᠢᠷᠢ ᠳᠤ ᠪᠠᠶᠢᠭᠰᠠᠨ ᠴᠤ ᠲᠡᠷᠡ ᠴᠥᠮ ᠢᠳᠡᠪᠬᠢᠲᠡᠶ᠂ ᠨᠠᠷᠢᠨ ᠬᠢᠨᠠᠮᠠᠭᠠᠶ ᠣᠪᠣᠷ ᠢᠶᠠᠷ ᠠᠵᠢᠯ ᠤᠨ ᠳᠤᠮᠳᠠ ᠪᠠᠨ ᠣᠷᠣᠯᠴᠠᠵᠤ᠂ ᠡᠪᠡᠳᠴᠢᠲᠡᠨ ᠤ ᠮᠠᠭᠲᠠᠭᠠᠯ ᠰᠠᠶᠢᠰᠢᠶᠠᠯ᠂ ᠬᠠᠮᠲᠤ ᠠᠵᠢᠯᠲᠠᠨ ᠤ ᠰᠠᠶᠢᠨ ᠦᠨᠡᠯᠡᠯᠲᠡ ᠪᠠ ᠤᠳᠤᠷᠢᠳᠤᠯᠭ᠎ᠠ ᠶᠢᠨ ᠨᠤᠲᠠᠯᠠᠯᠲᠠ ᠶᠢ ᠣᠯᠤᠭᠰᠠᠨ ᠪᠠᠶᠢᠨ᠎ᠠ᠃ ᠵᠠᠩ ᠷᠦᠢ ᠵᠢᠤᠸᠠᠨ᠂ ᠬᠠᠮᠲᠤ ᠠᠵᠢᠯᠲᠠᠨ ᠸᠠᠩ ᠳ᠋ᠦᠩ ᠴᠢᠩ ᠢᠩᠭᠢᠵᠦ ᠬᠡᠯᠡᠭᠰᠡᠨ ᠨᠢ᠄ ︽ᠵᠠᠩ ᠡᠷᠬᠢᠯᠡᠭᠴᠢ ᠶᠢᠨ ᠬᠤᠪᠢ ᠬᠥᠮᠦᠨ ᠤ ᠴᠢᠳᠠᠪᠤᠷᠢ ᠮᠠᠰᠢ ᠴᠢᠩᠭ᠎ᠠ᠂ ᠲᠡᠷᠡ ᠡᠩ ᠤᠨ ᠦᠶ᠎ᠡ ᠳᠤ ᠡᠪᠡᠳᠴᠢᠲᠡᠨ ᠪᠠ ᠭᠡᠷ ᠪᠦᠯᠢ ᠶᠢᠨ ᠬᠢᠨ ᠳᠤ ᠳᠣᠲᠣᠨᠣ ᠬᠥᠮᠦᠨ ᠲᠠᠢ ᠠᠳᠠᠯᠢ ᠪᠠᠶᠢᠬᠤ ᠰᠢᠭ᠋ ᠮᠥᠷᠲᠡᠭᠡᠨ ᠮᠠᠨ ᠤ ᠪᠦᠬᠦ᠋ᠢᠯᠡ ᠰᠤᠪᠢᠯᠠᠯᠲᠠ ᠶᠢᠨ ᠪᠦᠯᠬᠦᠮ ᠨᠢ ᠴᠥᠮ ᠮᠠᠰᠢ ᠪᠦᠯᠬᠦᠮᠳᠡᠭᠰᠡᠨ᠂ ᠡᠩ ᠤᠨ ᠦᠶ᠎ᠡ ᠳᠤ ᠪᠢᠳᠡ ᠲᠣᠳᠣᠷᠬᠠᠶ ᠦᠭᠡᠢ ᠠᠰᠠᠭᠤᠳᠠᠯ ᠪᠠᠶᠢᠪᠠᠯ ᠵᠠᠩ ᠡᠷᠬᠢᠯᠡᠭᠴᠢ ᠠᠴᠠ ᠠᠰᠠᠭᠤᠨ ᠯᠠᠪᠯᠠᠳᠠᠭ᠂ ᠡᠷᠬᠢᠯᠡᠭᠴᠢ ᠪᠦᠷ ᠨᠢᠭᠡ ᠨᠢᠭᠡ ᠪᠠᠷ ᠬᠠᠷᠢᠭᠤᠯᠳᠠᠭ᠂ ᠲᠤᠩ ᠬᠦᠯᠢᠴᠡᠩᠭᠦᠶ ᠪᠠᠷ ᠲᠡᠷᠡ ᠪᠠᠰᠠ ᠮᠠᠨ ᠤ ᠪᠦᠬᠦ᠋ᠢᠯᠡ ᠰᠤᠪᠢᠯᠠᠯᠲᠠ ᠶᠢᠨ ᠪᠦᠯᠬᠦᠮ ᠤᠨ ᠰᠤᠷᠤᠯᠴᠠᠬᠤ ᠳᠠᠭᠤᠷᠢᠶᠠᠯ ᠪᠣᠯᠤᠨ᠎ᠠ᠃
      ᠲᠡᠭᠦᠨ ᠤ ᠡᠷᠡᠰ ᠪᠠᠲᠤ ᠬᠠᠶᠢᠷ᠎ᠠ ᠰᠡᠳᠬᠢᠯᠭᠡ ᠨᠢ ᠲᠡᠭᠦᠨ ᠢ ᠠᠰᠠᠷᠠᠨ ᠰᠤᠪᠢᠯᠠᠬᠤ ᠦᠢᠯᠡᠰ ᠲᠤ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠣᠯᠵᠤ᠂ ᠲᠡᠷᠡ ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠰᠢᠯᠢᠳᠡᠭ ᠦᠢᠯᠡᠴᠢᠯᠡᠭᠡᠨ ᠤ ᠲᠡᠷᠢᠭᠦᠨ ᠤ ᠬᠤᠪᠢ ᠬᠥᠮᠦᠨ᠂ ᠬᠠᠮᠤᠭ ᠤᠨ ᠭᠤᠶᠣ ᠬᠢᠵᠢᠭ ᠤᠨ ᠰᠤᠪᠢᠯᠠᠭᠴᠢ᠂ ᠰᠢᠯᠢᠳᠡᠭ ᠰᠤᠪᠢᠯᠠᠯᠲᠠ ᠶᠢᠨ ᠬᠠᠮᠢᠶᠠᠷᠤᠭᠴᠢ᠂ ᠯᠢᠶᠠᠩᠴᠧᠩ ᠰᠢᠶᠠᠨ ᠤ ︽3 · 8︾᠎ ᠤ ᠤᠯᠠᠭᠠᠨ ᠲᠤᠭᠴᠢ ᠵᠡᠷᠭᠡ ᠢᠷᠠᠭᠤ ᠠᠯᠳᠠᠷ ᠢ ᠬᠦᠷᠲᠡᠵᠦ ᠥᠩᠭᠡᠷᠡᠵᠡᠢ᠃    20 ᠭᠠᠷᠤᠶ ᠵᠢᠯ ᠤᠨ ᠰᠤᠪᠢᠯᠠᠭᠴᠢ ᠶᠢᠨ ᠠᠵᠢᠯ ᠠᠮᠢᠳᠤᠷᠠᠯ ᠤᠨ ᠳᠤᠮᠳᠠ᠂ ᠵᠠᠩ ᠷᠦᠢ ᠵᠢᠤᠸᠠᠨ ᠡᠪᠡᠳᠴᠢᠲᠡᠨ ᠤ ᠠᠰᠢᠭ ᠲᠤᠰᠠ ᠶᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠨᠠᠷᠢᠨ ᠬᠢᠨᠠᠮᠠᠭᠠᠶ ᠠᠵᠢᠯᠯᠠᠵᠤ᠂ ᠯᠠᠪᠳᠠᠭᠤᠨ ᠪᠠᠲᠤᠲᠠᠶ ᠬᠥᠮᠦᠨ ᠪᠣᠯᠭᠠᠵᠤ᠂ ᠦᠢᠯᠡ ᠠᠵᠢᠯᠯᠠᠭ᠎ᠠ ᠪᠠᠷ ᠢᠶᠠᠨ ᠴᠠᠭᠠᠨ ᠬᠤᠪᠴᠠᠰᠤᠲᠤ ᠡᠯᠴᠢ ᠶᠢᠨ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠪᠠ᠃
       ᠯᠢᠶᠠᠩᠴᠧᠩ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠤᠪᠢᠯᠠᠯᠲᠠ ᠶᠢᠨ ᠬᠡᠯᠲᠡᠰ ᠤᠨ ᠡᠷᠬᠢᠯᠡᠭᠴᠢ ᠵᠠᠩ ᠷᠦᠢ ᠵᠢᠤᠸᠠᠨ    ᠬᠤᠶᠢᠰᠢᠳᠠ ᠶᠢᠨ ᠠᠵᠢᠯ ᠤᠨ ᠳᠤᠮᠳᠠ᠂ ᠪᠢ ᠦᠷᠭᠦᠯᠵᠢᠯᠡᠨ ᠮᠠᠨ ᠤ ᠪᠦᠯᠬᠦᠮ ᠢᠶᠠᠨ ᠳᠠᠭᠠᠭᠤᠯᠤᠨ ︽ᠡᠪᠡᠳᠴᠢᠲᠡᠨ ᠢᠶᠠᠷ ᠭᠤᠣᠯ ᠪᠣᠯᠭᠠᠬᠤ︾ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠨᠠᠨᠳᠢᠩᠭᠡᠷ ᠤᠨ ᠤᠯᠠ ᠮᠥᠷ ᠢᠶᠠᠷ ᠭᠢᠰᠬᠢᠵᠦ᠂ ︽ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠵᠦ ᠠᠮᠢ ᠨᠠᠰᠤ ᠶᠢ ᠢᠪᠡᠭᠡᠬᠦ ᠵᠣᠷᠢᠭ ᠰᠠᠨᠠᠭ᠎ᠠ︾᠎ ᠶᠢ ᠪᠠᠳᠠᠷᠠᠭᠤᠯᠵᠤ᠂ ᠯᠢᠶᠠᠩᠴᠧᠩ ᠰᠢᠶᠠᠨ ᠤ ᠠᠷᠠᠳ ᠲᠦᠮᠡᠨ ᠳᠤ ᠨᠡᠩ ᠴᠢᠨᠠᠷ ᠰᠠᠶᠢᠲᠠᠢ᠂ ᠨᠡᠩ ᠥᠨᠳᠥᠷ ᠪᠦᠲᠦᠮᠵᠢᠲᠡᠢ ᠰᠤᠪᠢᠯᠠᠯᠲᠠ ᠶᠢᠨ ᠦᠢᠯᠡᠴᠢᠯᠡᠭᠡ ᠬᠠᠩᠭᠠᠵᠤ᠂ ᠯᠢᠶᠠᠩᠴᠧᠩ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠤᠪᠢᠯᠠᠯᠲᠠ ᠶᠢᠨ ᠦᠢᠯᠡᠰ ᠢ ᠠᠬᠢᠭᠤᠯᠬᠤ ᠳᠤ ᠬᠦᠴᠦ ᠨᠡᠮᠡᠷᠢᠯᠡᠨ᠎ᠡ᠃                                                ᠨᠠᠶᠢᠷᠠᠭᠤᠯᠤᠭᠴᠢ᠄   ᠶᠠᠩ  ᠿᠦᠢ ᠵᠧᠨ                                                ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2