ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠬᠥᠲᠥᠯᠥᠨ ᠵᠢᠯᠤᠭᠤᠳᠪᠠ
ᠨᠡᠶᠢᠲᠡᠯᠡᠭᠰᠡᠨ ᠴᠠᠭ᠄
2024/5/14
    ᠪᠦᠬᠦ ᠰᠢᠶᠠᠨ ᠳᠤ ᠣᠷᠭᠠᠨᠢᠭ ᠪᠤᠷᠳᠤᠭᠤᠷ ᠢ ᠳᠡᠯᠭᠡᠷᠡᠭᠦᠯᠦᠭᠰᠡᠨ ᠰᠠᠭᠤᠷᠢᠨ ᠳᠡᠭᠡᠷ᠎ᠡ᠂ ᠯᠢᠶᠠᠩᠴᠧᠩ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠲᠠᠷᠢᠮᠠᠯ ᠤᠨ ᠡᠷᠦᠬᠡ ᠶᠢ ᠢᠳᠡᠪᠬᠢᠲᠡᠢ ᠬᠦᠳᠦᠯᠦᠨ ᠳᠠᠭᠠᠭᠤᠯᠵᠤ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠠᠬᠢᠭᠤᠯᠪᠠ᠃    ᠯᠢᠶᠠᠩᠴᠧᠩ ᠰᠢᠶᠠᠨ ᠤ ᠢ ᠨᠦᠩ ᠲᠠᠷᠢᠵᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠪᠣᠯ ᠬᠠᠩᠭᠠᠨ ᠪᠣᠷᠣᠯᠠᠭᠤᠯᠬᠤ ᠬᠤᠷᠰᠢᠶ᠎ᠠ ᠨᠢ ᠣᠯᠠᠨ ᠵᠢᠯ ᠢ ᠬᠥᠲᠥᠯᠥᠨ ᠳᠠᠭᠠᠭᠤᠯᠤᠭᠰᠠᠨ ᠲᠤᠰᠬᠠᠶ ᠬᠤᠷᠰᠢᠶ᠎ᠠ ᠪᠣᠯᠤᠨ᠎ᠠ᠂ ᠣᠶᠢᠷ᠎ᠠ ᠶᠢᠨ ᠬᠤᠶᠠᠷ ᠵᠢᠯ ᠳᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠳᠠᠭᠠᠭᠤᠯᠭ᠎ᠠ ᠳᠣᠤᠷ᠎ᠠ᠂ ᠥᠨᠳᠥᠷ ᠪᠦᠲᠦᠮᠵᠢᠲᠡᠶ ᠨᠠᠪᠴᠢᠨ ᠪᠤᠷᠳᠤᠭᠤᠷ ᠢ ᠢᠳᠡᠪᠬᠢᠲᠡᠶ ᠪᠠᠷ ᠰᠦᠪᠡᠭᠴᠢᠯᠡᠨ ᠣᠷᠣᠭᠤᠯᠵᠤ ᠢᠷᠡᠨ᠎ᠡ᠃ 2023 ᠤᠨ ᠳᠤ 10 ᠲᠤᠨ ᠨᠠᠪᠴᠢᠨ ᠤ ᠪᠤᠷᠲᠤᠭᠤᠷ ᠤᠷᠤᠭᠤᠯᠵᠦ᠂ 1100 ᠭᠠᠷᠤᠢ ᠮᠦ ᠰᠢᠰᠢ ᠰᠢᠰᠢ ᠪᠠ ᠨᠠᠷᠢᠮᠦ ᠶᠢᠨ ᠦᠷ᠎ᠡ ᠠᠰᠢᠭ ᠢᠶᠠᠷ ᠨᠡᠯᠢᠶᠡᠳ ᠰᠠᠶᠢᠨ ᠪᠤᠯᠪᠠ᠃ ᠲᠣᠰ ᠬᠤᠷᠰᠢᠶ᠎ᠠ ᠶᠢᠨ ᠬᠠᠷᠢᠭᠤᠴᠠᠯᠭᠠᠲᠠᠨ᠄ ︽2023 ᠣᠨ ᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠪ ᠢ ᠤᠷᠢᠵᠤ ᠨᠠᠪᠴᠢᠨ ᠤ ᠪᠣᠷᠲᠣᠭᠤᠷ ᠲᠤ ᠲᠠᠷᠢᠶᠠᠨ ᠠᠵᠢᠯ ᠤᠨ ᠲᠤᠷᠰᠢᠯᠲᠠ ᠬᠢᠯᠭᠡᠵᠦ᠂ ᠲᠤᠷᠰᠢᠯᠲᠠ ᠶᠢᠨ ᠣᠷᠣᠨ ᠳᠤ ᠲᠣᠰ ᠲᠣᠰ 100 ᠮᠥ ᠰᠢᠰᠢ ᠰᠢᠰᠢ ᠶᠢ ᠰᠣᠩᠭᠤᠨ ᠬᠡᠷᠡᠭᠯᠡᠵᠦ ᠤᠯᠠᠮᠵᠢᠯᠠᠯᠲᠤ ᠪᠣᠷᠲᠣᠭᠤᠷ ᠣᠷᠣᠭᠤᠯᠬᠤ ᠠᠷᠭ᠎ᠠ ᠮᠠᠶ᠋ᠢᠭ᠂ 200 ᠮᠥ ᠰᠢᠰᠢ ᠶᠢᠨ ︿ᠨᠢᠭᠡ ᠶᠢ ᠬᠤᠯᠢᠵᠤ ᠭᠤᠷᠪᠠ ᠶᠢ ᠰᠦᠷᠴᠢᠬᠦ﹀ ᠲᠤᠷᠰᠢᠯᠲᠠ ᠶᠢᠨ ᠣᠷᠣᠨ ᠢ ᠬᠡᠷᠡᠭᠯᠡᠨ᠎ᠡ᠃ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠪ ᠤᠨ ᠭᠠᠷᠭᠠᠭᠰᠠᠨ ᠲᠠᠷᠢᠶᠠᠨ ᠭᠠᠵᠠᠷ ᠤᠨ ᠲᠤᠷᠰᠢᠯᠲᠠ ᠶᠢᠨ ᠮᠡᠳᠡᠭᠦᠯᠦᠯᠲᠡ ᠶᠢᠨ ᠦᠷ᠎ᠡ ᠳ᠋ᠦᠩ ᠢ ᠦᠨᠳᠦᠰᠦᠯᠡᠪᠡᠯ᠂ ︿ᠨᠢᠭᠡ ᠶᠢ ᠬᠤᠯᠢᠵᠤ ᠭᠤᠷᠪᠠ ᠶᠢ ᠰᠦᠷᠴᠢᠬᠦ﹀ ᠲᠤᠷᠰᠢᠯᠲᠠ ᠶᠢᠨ ᠣᠷᠣᠨ ᠤ ᠮᠦ ᠪᠦᠷᠢ ᠶᠢᠨ ᠳᠤᠮᠳᠠᠴᠢ ᠤᠨᠠᠯᠲᠠ ᠶᠢ ᠤᠯᠠᠮᠵᠢᠯᠠᠯᠲᠤ ᠪᠤᠷᠳᠤᠭᠤᠷ ᠣᠷᠣᠭᠤᠯᠬᠤ ᠠᠷᠭ᠎ᠠ ᠬᠡᠯᠪᠡᠷᠢ ᠶᠢᠨ ᠭᠠᠷᠤᠯᠲᠠ ᠠᠴᠠ 16.4% ᠪᠠᠷ ᠳᠡᠭᠡᠭᠰᠢᠯᠡᠭᠦᠯᠵᠦ᠂ ᠮᠡᠳᠡᠭᠦᠯᠦᠯᠲᠡ ᠰᠠᠨᠠᠭᠤᠯᠭ᠎ᠠ ᠭᠠᠷᠭᠠᠵᠤ ᠰᠢᠰᠢ ᠵᠢᠴᠢ ᠪᠤᠰᠤᠳ ᠲᠠᠷᠢᠮᠠᠯ ᠳᠡᠭᠡᠷ᠎ᠡ ᠤᠯᠠᠮ ᠨᠢᠭᠡ ᠠᠯᠬᠤᠮ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠤᠯᠤᠨ᠎ᠠ᠃ ᠡᠨᠡ ᠵᠢᠯ ᠬᠤᠷᠰᠢᠶ᠎ᠠ ᠨᠢ 130 ᠲᠣᠨ ᠨᠠᠪᠴᠢᠨ ᠤ ᠪᠣᠷᠲᠣᠭᠤᠷ ᠬᠤᠳᠠᠯᠳᠤᠨ ᠠᠪᠴᠤ᠂ ᠨᠢᠭᠡᠨᠲᠡ ᠪᠦᠬᠦᠨ ᠢ ᠪᠣᠷᠣᠯᠠᠭᠤᠯᠵᠤ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢ 2023 ᠣᠨ ᠤ 1100 ᠮᠦ ᠪᠠᠶᠢᠭᠰᠠᠨ ᠠᠴᠠ ᠨᠡᠮᠡᠭᠳᠡᠭᠡᠳ 15000 ᠮᠦ ᠪᠣᠯᠵᠠᠶ︾ ᠭᠡᠪᠡ᠃    ᠣᠶᠢᠯᠠᠭᠠᠭᠰᠠᠨ ᠢᠶᠠᠷ᠂ ᠨᠠᠪᠴᠢᠨ ᠳᠡᠭᠡᠷᠡᠬᠢ ᠪᠤᠷᠳᠤᠭᠤᠷ ᠪᠣᠯ ᠲᠠᠷᠢᠮᠠᠯ ᠤᠨ ᠬᠡᠷᠡᠭᠰᠡᠬᠦ ᠰᠢᠮ᠎ᠡ ᠲᠡᠵᠢᠭᠡᠯ ᠢ ᠰᠢᠭᠤᠳ ᠨᠠᠪᠴᠢᠨ ᠳᠡᠭᠡᠷ᠎ᠡ ᠬᠡᠷᠡᠭᠯᠡᠭᠰᠡᠨ ᠪᠤᠷᠳᠤᠭᠤᠷ ᠮᠥᠨ᠂ ᠨᠠᠪᠴᠢ ᠪᠠᠷ ᠳᠠᠮᠵᠢᠨ ᠰᠢᠮ᠎ᠡ ᠲᠡᠵᠢᠭᠡᠯ ᠢ ᠰᠢᠩᠭᠡᠭᠡᠨ ᠠᠪᠴᠤ᠂ ᠪᠠᠶᠢᠪᠠᠰᠤ ᠵᠣᠬᠢᠬᠤ ᠦᠢᠯᠡᠳᠦᠯ ᠢ ᠨᠢ ᠪᠠᠳᠠᠷᠠᠭᠤᠯᠬᠤ ᠪᠣᠯᠤᠨ᠎ᠠ᠃ ᠨᠠᠪᠴᠢᠨ ᠤ ᠪᠤᠷᠳᠤᠭᠤᠷ ᠤᠨ ᠳᠠᠪᠠᠭᠤᠯᠢᠭ ᠲᠠᠯ᠎ᠠ ᠳᠤ᠄ ᠰᠢᠮ᠎ᠡ ᠲᠡᠵᠢᠭᠡᠯ ᠢ ᠲᠦᠷᠭᠡᠨ ᠨᠥᠬᠦᠪᠥᠷᠢᠯᠡᠵᠦ᠂ ᠪᠤᠷᠳᠤᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ ᠴᠢᠳᠠᠬᠤ ᠪᠥᠭᠡᠳ ᠬᠡᠷᠡᠭᠯᠡᠬᠦ ᠬᠡᠮᠵᠢᠶ᠎ᠡ ᠶᠢ ᠪᠠᠭ᠎ᠠ ᠬᠡᠮᠵᠢᠶ᠎ᠡ ᠪᠠᠷ ᠪᠤᠳᠤᠭᠰᠠᠨ ᠠᠴᠠ ᠪᠤᠯᠵᠤ᠂ ᠬᠥᠷᠥᠰᠥ ᠰᠢᠷᠣᠢ ᠶᠢᠨ ᠪᠣᠬᠢᠷᠲᠤᠯ ᠢ ᠴᠤ ᠮᠠᠰᠢ ᠤᠯᠠᠨ ᠬᠥᠩᠭᠡᠷᠡᠭᠦᠯᠪᠡ᠃ ᠨᠠᠪᠴᠢᠨ ᠤ ᠪᠤᠷᠳᠣᠬᠤᠷ ᠨᠢ ᠭᠤᠤᠯᠳᠠᠬᠤ ᠦᠨᠳᠦᠰᠦ ᠶᠢᠨ ᠰᠢᠰᠲ᠋ᠤᠮ ᠤᠨ  ᠪᠤᠷᠳᠤᠭᠤᠷ  ᠬᠠᠩᠭᠠᠬᠤ ᠬᠦᠷᠦᠯᠴᠡᠬᠦ ᠦᠭᠡᠢ ᠪᠠᠶᠢᠬᠤ ᠶᠢ ᠨᠥᠬᠦᠪᠥᠷᠢᠯᠡᠬᠦ᠂ ᠲᠠᠷᠢᠮᠠᠯ ᠤᠨ ᠰᠢᠮ᠎ᠡ ᠲᠡᠵᠢᠭᠡᠯ ᠢ ᠲᠡᠩᠴᠡᠭᠦᠷᠢᠲᠡᠶ ᠪᠠᠶᠢᠯᠭᠠᠬᠤ ᠪᠤᠶᠤ ᠶᠠᠮᠠᠷ ᠨᠢᠭᠡᠨ ᠦᠷᠡᠵᠢᠯ ᠤᠨ ᠬᠤᠭᠤᠴᠠᠭᠠᠨ ᠳᠤ ᠲᠤᠷ ᠴᠠᠭ ᠤᠨ ᠴᠢᠨᠠᠷᠳᠠᠢ ᠬᠠᠩᠭᠠᠯᠭ᠎ᠠ‌‍ᠶᠢ  ᠨᠠᠮᠳᠠᠭᠤᠯᠵᠤ ᠪᠤᠯᠬᠤ ᠦᠭᠡᠢ᠃    ᠯᠢᠶᠠᠩᠴᠧᠩ ᠰᠢᠶᠠᠨ ᠤ ᠶᠦᠨ ᠳ᠋ᠤᠸᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠬᠡᠯᠡᠭᠰᠡᠨ ᠨᠢ᠄ ︽ᠡᠨᠡ ᠵᠢᠯ ᠮᠠᠨ ᠤ ᠺᠣᠮᠫᠠᠨᠢ ᠶᠢᠨ ᠥᠪᠡᠰᠦᠪᠡᠨ ᠲᠠᠷᠢᠭᠰᠠᠨ 1400 ᠮᠥ ᠠᠮᠤ ᠪᠤᠳᠠᠭᠠᠨ ᠤ ᠲᠠᠷᠢᠮᠠᠯ᠂ ᠰᠠᠭᠤᠷᠢ ᠪᠣᠷᠲᠣᠭᠤᠷ ᠢ ᠴᠥᠮ ᠲᠠᠷᠢᠶᠠᠴᠢᠨ ᠠᠶᠢᠯ ᠤᠨ ᠪᠣᠷᠲᠣᠭᠤᠷ ᠪᠠ ᠣᠷᠭᠠᠨᠢᠭ ᠪᠣᠷᠲᠣᠭᠤᠷ ᠢ ᠬᠡᠷᠡᠭᠯᠡᠵᠦ᠂ ᠳᠤᠮᠳᠠ ᠬᠤᠭᠤᠴᠠᠭᠠᠨ ᠤ ᠬᠠᠮᠢᠶᠠᠷᠤᠯᠲᠠ ᠶᠢᠨ ᠱᠠᠲᠤᠨ ᠳᠤ ᠨᠠᠪᠴᠢᠨ ᠤ ᠪᠣᠷᠲᠣᠭᠤᠷ ᠰᠦᠷᠴᠢᠨ ᠣᠷᠣᠭᠤᠯᠬᠤ ᠬᠡᠷᠡᠭᠲᠡᠢ᠂ ᠠᠮᠤ ᠪᠤᠳᠠᠭᠠᠨ ᠤ ᠤᠨᠠᠯᠲᠠ ᠶᠢ ᠪᠠᠭᠤᠷᠠᠭᠤᠯᠬᠤ ᠦᠭᠡᠢ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠬᠥᠷᠥᠰᠥ ᠰᠢᠷᠣᠢ ᠶᠢᠨ ᠴᠢᠨᠠᠷ ᠢ ᠢᠳᠡᠭ ᠢᠳᠡᠭ ᠢᠶᠠᠷ ᠰᠠᠶᠢᠵᠢᠷᠠᠭᠤᠯᠤᠨ᠎ᠠ︾᠃ ᠲᠤᠰ ᠺᠤᠮᠫᠠᠨᠢ ᠡᠨᠡ ᠵᠢᠯ ᠬᠢᠮᠢ ᠶᠢᠨ ᠪᠤᠷᠳᠤᠭᠤᠷ ᠪᠤᠷᠤᠯᠠᠭᠤᠯᠤᠭᠰᠠᠨ ᠰᠠᠭᠤᠷᠢᠨ ᠲᠡᠭᠡᠷ᠎ᠡ᠂ 10 ᠲᠤᠨ ᠨᠠᠪᠴᠢᠨ ᠪᠤᠷᠳᠤᠭᠤᠷ ᠤᠷᠤᠭᠤᠯᠵᠦ᠂ ᠤᠳᠤ 9.5 ᠲᠤᠨ ᠪᠤᠷᠤᠯᠠᠭᠤᠯᠪᠠ᠃                                                  ᠨᠠᠶᠢᠷᠠᠭᠤᠯᠤᠭᠴᠢ᠄  ᠯᠢ ᠬᠤᠩ ᠢᠦᠢ                                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2