ᠯᠢᠶᠠᠩᠴᠧᠩ ᠤᠨ ᠭᠤᠷᠪᠠᠳᠤᠭᠠᠷ ᠳᠤᠮᠳᠠᠳᠤ ᠰᠤᠷᠭᠠᠭᠤᠯᠢ᠄ ᠤᠨᠴᠠᠯᠢᠬᠳᠤ ᠰᠤᠷᠭᠠᠭᠤᠯᠢ ᠡᠷᠭᠢᠯᠡᠬᠦ ᠵᠠᠮ ᠢ ᠬᠠᠶᠢᠨ ᠰᠦᠪᠡᠭᠴᠢᠯᠡᠵᠦ ᠰᠤᠷᠭᠠᠨ ᠬᠥᠮᠦᠵᠢᠯ ᠤᠨ ᠶᠠᠰᠤ ᠴᠢᠨᠠᠷ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/5/14
    ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠤᠨᠴᠠᠯᠢᠬᠳᠤ ᠰᠤᠷᠭᠠᠭᠤᠯᠢ ᠡᠷᠬᠢᠯᠡᠬᠦ ᠵᠠᠮ ᠢ ᠨᠠᠷᠢᠨ ᠬᠢᠨᠠᠮᠠᠭᠠᠢ ᠬᠠᠶᠢᠨ ᠰᠦᠪᠡᠭᠴᠢᠯᠡᠵᠦ᠂ ᠰᠤᠷᠤᠭᠴᠢᠳ ᠲᠤ ᠤᠯᠠᠨ ᠡᠰᠢᠵᠢᠭᠰᠡᠨ᠂ ᠣᠨᠴᠠᠯᠢᠭᠵᠢᠭᠰᠠᠨ᠂ ᠥᠪᠡᠷᠮᠢᠴᠡ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠬᠠᠩᠭᠠᠵᠤ᠂ ︽ᠨᠢᠭᠡ ᠲᠠᠯ᠎ᠠ ᠪᠠᠷ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠠᠳᠬᠤᠵᠤ᠂ ᠨᠢᠭᠡ ᠲᠠᠯ᠎ᠠ ᠪᠠᠷ ᠬᠡᠪ ᠴᠢᠨᠠᠷ ᠤᠨ ᠰᠤᠷᠭᠠᠨ ᠬᠥᠮᠦᠵᠢᠯ ᠢ ᠠᠳᠬᠤᠬᠤ︾ ᠶᠢ ᠪᠠᠷᠢᠮᠲᠠᠯᠠᠵᠤ᠂ ︽ᠰᠤᠷᠤᠭᠴᠢᠳ ᠤᠨ ᠲᠤᠰ ᠶᠣᠰᠣ ᠰᠤᠷᠲᠠᠬᠤᠨ ᠤ ᠬᠥᠮᠦᠵᠢᠯ︾ ᠠᠴᠠ ︽ᠰᠡᠳᠬᠢᠯ ᠤᠨ ᠤᠭ ᠠᠴᠠ ᠪᠠᠨ ᠶᠣᠰᠣ ᠰᠤᠷᠲᠠᠬᠤᠨ ᠤ ᠬᠥᠮᠦᠵᠢᠯ︾ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠠᠮᠢᠶᠠᠷᠤᠯᠲᠠ ᠨᠢ ᠨᠠᠷᠢᠯᠢᠭ᠂ ᠦᠢᠯᠡᠴᠢᠯᠡᠭᠡ ᠨᠢ ᠪᠦᠷᠢᠨ ᠭᠦᠢᠴᠡᠳ᠂ ᠵᠢᠭᠠᠨ ᠰᠤᠷᠭᠠᠯᠲᠠ ᠨᠢ ᠨᠠᠷᠢᠨ ᠨᠢᠮᠪᠠᠢ ᠬᠠᠯᠠᠭᠤᠨ ᠳᠤᠯᠠᠭᠠᠨ᠂ ᠵᠤᠵᠠᠭᠠᠨ ᠤ ᠬᠡᠮᠵᠢᠶᠡᠨ ᠤ ᠰᠤᠷᠭᠠᠨ ᠬᠥᠮᠦᠵᠢᠯ ᠤᠨ ᠰᠢᠰᠲ᠋ᠧᠮ ᠢ ᠬᠦᠴᠦᠯᠡᠨ ᠪᠠᠶᠢᠭᠤᠯᠪᠠ᠃    ᠯᠢᠶᠠᠩᠴᠧᠩ ᠤᠨ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠣᠷᠣᠬᠤ ᠳᠤ᠂ ᠰᠤᠷᠭᠠᠭᠤᠯᠢ ᠶᠢᠨ ᠬᠦᠷᠢᠶ᠎ᠡ ᠴᠡᠪᠡᠷ ᠴᠡᠮᠴᠡᠭᠡᠷ ᠪᠠᠶᠢᠵᠤ᠂ ᠭᠠᠵᠠᠷ ᠪᠣᠯᠭᠠᠨ ᠳᠤ ᠭᠦᠨ ᠵᠤᠵᠠᠭᠠᠨ ᠰᠤᠷᠤᠯᠴᠠᠯᠭ᠎ᠠ ᠶᠢᠨ ᠠᠭᠤᠷ ᠠᠮᠢᠰᠬᠤᠯ ᠢᠶᠠᠷ ᠪᠢᠯᠬᠠᠨ᠎ᠠ᠃ ᠠᠮᠢᠳᠤ ᠪᠣᠳᠠᠰ ᠤᠨ  ᠲᠤᠷᠰᠢᠯᠳᠡ ᠶᠢᠨ ᠥᠷᠥᠭᠡᠨ ᠳᠤ᠂ ︽ᠨᠠᠪᠴᠢᠨ ᠤ ᠪᠦᠲᠦᠴᠡ ᠶᠢ ᠠᠵᠢᠭᠯᠠᠬᠤ ᠪᠦᠲᠦᠴᠡ︾ ᠶᠢᠨ ᠲᠤᠷᠰᠢᠯᠳᠡ ᠶᠢᠨ ᠠᠵᠢᠯᠯᠠᠭᠠᠨ ᠤ ᠵᠢᠱᠢᠶ᠎ᠡ ᠦᠵᠡᠭᠦᠯᠬᠦ ᠬᠢᠴᠢᠶᠡᠯ ᠶᠠᠭ ᠶᠠᠪᠤᠭᠳᠠᠵᠤ ᠪᠠᠢᠨ᠎ᠠ᠂ ᠪᠠᠭᠰᠢ‌‍ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ‌ᠢᠯᠭᠠᠨ ᠲᠣᠳᠣᠯ ᠠᠭᠤᠯᠬᠤ ᠨᠢᠳᠦᠨ  ᠰᠢᠯ ᠳᠣᠣᠷ᠎ᠠ ᠪᠣᠬᠢᠷᠲᠤᠯ ᠦᠭᠡᠢ ᠤᠷᠭᠤᠮᠠᠯ ᠤᠨ ᠨᠠᠪ ᠴᠢ ᠶᠢᠨ ᠦᠨᠳᠦᠰᠦᠨ ᠪᠦᠲᠦᠴᠡ ᠶᠢ ᠠᠵᠢᠭᠯᠠᠵᠤ᠂ ᠰᠤᠷᠤᠭᠴᠢᠳ ᠢ ᠪᠣᠳᠠᠲᠠᠢ ᠪᠣᠯᠪᠠᠰᠤᠷᠠᠯ ᠳᠤᠮᠳᠠ ᠨᠢ ᠳ᠋ᠦᠩᠨᠡᠯᠲᠡ ᠬᠢᠯᠭᠡᠵᠦ᠂ ᠰᠤᠷᠤᠭᠴᠢᠳ ᠲᠤᠰᠭᠠᠢ ᠮᠡᠷᠭᠡᠵᠢᠯ ᠤᠨ ᠮᠡᠳᠡᠯᠭᠡ ᠶᠢ ᠰᠤᠷᠴᠤ ᠣᠯᠤᠭᠰᠠᠨ ᠢᠶᠠᠷ ᠪᠠᠷᠠᠬᠤ ᠦᠭᠡᠢ᠂ ᠪᠠᠰᠠ ᠥᠪᠡᠷ ᠤᠨ ᠪᠡᠶ᠎ᠡ ᠪᠠᠷ ᠢᠶᠠᠨ ᠭᠠᠷ ᠬᠥᠳᠡᠯᠵᠦ ᠪᠣᠳᠠᠲᠠᠢ ᠠᠵᠢᠯᠯᠠᠬᠤ ᠬᠡᠪ ᠵᠠᠭᠪᠤᠷ ᠳᠤᠮᠳᠠ ᠰᠤᠷᠤᠯᠴᠠᠬᠤ ᠬᠥᠳᠡᠯᠭᠡᠬᠦ ᠬᠦᠴᠦᠨ ᠢ  ᠲᠠᠭᠡᠭᠰᠢᠯᠡᠭᠦᠯᠦᠭᠰᠡᠨ ᠪᠠᠶᠢᠨ᠎ᠠ᠃ ᠰᠤᠷᠭᠠᠭᠤᠯᠢ ᠶᠢᠨ ᠬᠦᠷᠢᠶᠡᠨ ᠤ ᠭᠤᠶᠤ ᠰᠠᠶᠢᠬᠠᠨ ᠣᠷᠴᠢᠨ ᠲᠣᠭᠤᠷᠢᠨ ᠪᠠ ᠨᠠᠮ ᠰᠡᠯᠡᠭᠦᠨ ᠪᠠᠶᠠᠷ ᠪᠠᠶᠠᠰᠬᠤᠯᠠᠩᠲᠤ ᠰᠤᠷᠤᠯᠴᠠᠬᠤ ᠠᠭᠤᠷ ᠠᠮᠢᠰᠬᠤᠯ ᠨᠢ ᠯᠢᠶᠠᠩᠴᠧᠩ ᠤᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠢ ᠪᠠᠶᠠᠰᠬᠠᠨ᠎ᠠ᠃ ᠯᠢᠶᠠᠩᠴᠧᠩ ᠤᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠨᠠᠢᠮᠠᠳᠤᠭᠠᠷ ᠣᠨ ᠤ ᠲᠤᠷᠰᠢᠯᠲᠠ ᠶᠢᠨ ᠠᠩᠭᠢ ᠶᠢᠨ ᠰᠤᠷᠤᠭᠴᠢ ᠳ᠋ᠤᠸᠠᠨ ᠵᠢᠶᠧ᠄ ︽ᠠᠳᠡ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠡᠬᠢ ᠪᠠᠶᠠᠯᠢᠭ ᠲᠠᠢ᠂ ᠰᠢᠯᠢᠳᠡᠭ ᠪᠠᠭᠰᠢ ᠶᠢᠨ ᠬᠦᠴᠦᠨ ᠲᠠᠢ᠂ ᠠᠭᠤᠳᠠᠮ ᠰᠠᠷᠠᠭᠤᠯ ᠵᠢᠭᠠᠨ ᠰᠤᠷᠭᠠᠯᠲᠠ ᠶᠢᠨ ᠠᠰᠠᠷ ᠪᠠ ᠲᠥᠬᠦᠭᠡᠷᠦᠮᠵᠢ ᠪᠦᠷᠢᠨ ᠲᠡᠭᠦᠯᠳᠡᠷ ᠲᠠᠮᠢᠷ ᠤᠨ ᠲᠠᠯᠠᠪᠤᠷ ᠲᠠᠢ᠂ ᠨᠡᠩ ᠡᠯᠪᠡᠭ ᠪᠠᠶᠠᠯᠢᠭ ᠠᠭᠤᠯᠭ᠎ᠠ ᠲᠠᠢ ᠰᠣᠶᠣᠯ ᠤᠨ ᠠᠵᠢᠯᠯᠠᠭ᠎ᠠ ᠪᠠ ᠴᠢᠩᠭ᠎ᠠ ᠨᠢᠮᠪᠠᠢ ᠵᠢᠭᠠᠨ ᠰᠤᠷᠭᠠᠯᠲᠠ ᠶᠢᠨ ᠠᠭᠤᠷ ᠠᠮᠢᠰᠬᠤᠯ ᠵᠢᠴᠢ ᠪᠠᠭᠰᠢ ᠨᠠᠷ ᠤᠨ ᠬᠠᠶᠢᠷ᠎ᠠ ᠬᠠᠯᠠᠮᠵᠢ ᠬᠦᠷᠲᠡᠭᠡᠵᠦ ᠪᠠᠶᠢᠨ᠎ᠠ᠃ ᠪᠢᠳᠡ ᠠᠳᠡ ᠮᠡᠳᠡᠯᠭᠡ ᠰᠤᠷᠤᠭᠰᠠᠨ ᠢᠶᠠᠷ ᠪᠠᠷᠠᠬᠤ ᠦᠭᠡᠢ᠂ ᠨᠡᠩ ᠴᠤ ᠦᠰᠦᠨ ᠪᠤᠶᠢᠵᠢᠵᠤ ᠴᠢᠳᠠᠭᠰᠠᠨ ᠪᠠᠶᠢᠨ᠎ᠠ᠃ ᠪᠢᠳᠡ ᠰᠤᠷᠭᠠᠭᠤᠯᠢ ᠠᠴᠠ ᠪᠢᠳᠡᠨ ᠳᠤ ᠦᠵᠡᠭᠦᠯᠦᠭᠰᠡᠨ ᠠᠯᠢᠪᠠ ᠪᠦᠬᠦᠨ ᠳᠤ ᠲᠠᠯᠠᠷᠬᠠᠵᠤ ᠪᠠᠶᠢᠨ᠎ᠠ᠂ ᠪᠢᠳᠡ ᠨᠡᠩ ᠤᠯᠠᠨ ᠮᠡᠳᠡᠯᠭᠡ ᠪᠠ ᠤᠷ᠎ᠠ ᠴᠢᠳᠠᠪᠤᠷᠢ ᠶᠢ ᠰᠤᠷᠴᠤ᠂ ᠪᠢᠳᠡᠨ ᠢ ᠨᠡᠩ ᠢᠲᠡᠭᠡᠯ ᠪᠠ ᠪᠠᠲᠤ ᠴᠢᠩᠭ᠎ᠠ ᠪᠣᠯᠭᠠᠨ᠎ᠠ︾ ᠭᠡᠵᠦ ᠬᠡᠯᠡᠪᠡ᠃    ᠯᠢᠶᠠᠩᠴᠧᠩ ᠤᠨ ᠭᠤᠷᠪᠠᠳᠤᠭᠠᠷ ᠳᠤᠮᠳᠠᠳᠤ ᠰᠤᠷᠭᠠᠭᠤᠯᠢ 1988 ᠣᠨ ᠳᠤ ᠪᠠᠶᠢᠭᠤᠯᠤᠭᠳᠠᠵᠤ᠂ ᠪᠦᠬᠦ ᠲᠠᠯ᠎ᠠ ᠪᠠᠷ ᠬᠥᠭᠵᠢᠭᠰᠡᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠰᠤᠷᠭᠠᠭᠤᠯᠢ ᠨᠢ ᠰᠢᠨ᠎ᠡ ᠵᠢᠭᠠᠨ ᠰᠤᠷᠭᠠᠯᠲᠠ ᠶᠢᠨ ᠵᠠᠭᠪᠤᠷ ᠪᠣᠯᠤᠨ ᠬᠠᠮᠢᠶᠠᠷᠤᠯᠲᠠ ᠶᠢᠨ ᠠᠷᠭ᠎ᠠ ᠶᠢ ᠲᠠᠰᠤᠷᠠᠯᠲᠠ ᠦᠭᠡᠢ ᠰᠦᠪᠡᠭᠴᠢᠯᠡᠵᠦ᠂ ᠪᠠᠶᠠᠯᠢᠭ ᠰᠠᠶᠢᠬᠠᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠡᠭᠦᠨ ᠤ ᠬᠠᠮᠲᠤ ᠪᠠᠰᠠ ᠵᠢᠭᠠᠨ ᠰᠤᠳᠤᠯᠬᠤ ᠪᠠ ᠵᠢᠭᠠᠨ ᠰᠤᠷᠭᠠᠬᠤ ᠶᠢ ᠥᠭᠡᠷᠡᠴᠢᠯᠡᠬᠦ ᠰᠢᠨ᠎ᠡ ᠵᠠᠭᠪᠤᠷ ᠢ ᠵᠣᠷᠢᠭᠲᠠᠶ ᠪᠠᠷ ᠬᠠᠶᠢᠨ ᠰᠦᠪᠡᠭᠴᠢᠯᠡᠵᠦ᠂ ᠡᠯ᠎ᠡ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠢᠭᠡᠴᠢ ᠶᠢᠨ ᠬᠠᠮᠲᠤ ᠪᠠᠷ ᠬᠢᠴᠢᠶᠡᠯ ᠪᠡᠯᠡᠳᠬᠡᠵᠦ᠂ ᠰᠢᠨ᠎ᠡ ᠬᠢᠴᠢᠶᠡᠯ ᠤᠨ ᠪᠠᠷᠢᠮᠵᠢᠶᠠᠲᠤ ᠰᠤᠷᠤᠯᠴᠠᠯᠭ᠎ᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠰᠡᠳᠦᠪ ᠤᠨ ᠰᠤᠳᠤᠯᠭᠠᠨ ᠵᠢᠴᠢ ᠬᠢᠴᠢᠶᠡᠯ ᠤᠨ ᠳᠠᠷᠠᠭᠠᠬᠢ ᠱᠠᠲᠤ ᠬᠤᠪᠢᠶᠠᠨ ᠠᠵᠢᠯᠯᠠᠬᠤ ᠵᠢᠷᠤᠭ ᠲᠥᠯᠥᠪᠯᠡᠭᠡ ᠶᠢ ᠣᠷᠭᠠᠨᠢᠭ ᠢᠶᠠᠷ ᠤᠶᠠᠯᠳᠤᠭᠤᠯᠵᠤ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠰᠤᠷᠭᠠᠭᠤᠯᠢ ᠨᠢ ᠪᠠᠰᠠ ᠤᠰᠤᠨ ᠳᠤ ᠤᠮᠪᠠᠭ᠋ᠤ᠂ ᠵᠡᠪᠰᠡᠭ ᠤᠨ ᠡᠷᠳᠡᠮ᠂ ᠤᠷᠠᠯᠢᠭ ᠵᠡᠷᠭᠡ ᠣᠨᠴᠠᠯᠢᠭᠲᠤ ᠬᠢᠴᠢᠶᠡᠯ ᠨᠡᠭᠡᠭᠡᠵᠦ᠂ ᠰᠤᠷᠤᠭᠴᠢᠳ ᠤᠨ ᠳᠠᠯᠳᠠ ᠴᠢᠳᠠᠪᠤᠷᠢ ᠶᠢ ᠪᠦᠬᠦ ᠲᠠᠯ᠎ᠠ ᠪᠠᠷ ᠠᠭᠤᠳᠠᠯᠤᠨ᠂ ᠰᠤᠷᠤᠭᠴᠢᠳ ᠤᠨ ᠣᠨᠴᠠ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠰᠤᠷᠤᠭᠴᠢᠳ ᠤᠨ ᠬᠡᠪ ᠴᠢᠨᠠᠷ ᠢ ᠳᠡᠭᠡᠭᠰᠢᠯᠡᠭᠦᠯᠦᠨ᠂ ᠣᠯᠠᠨ ᠵᠦᠢᠯ ᠤᠨ ᠠᠷᠭ᠎ᠠ ᠵᠠᠮ ᠢᠶᠠᠷ ᠰᠤᠷᠤᠭᠴᠢᠳ ᠢ ᠴᠢᠳᠠᠪᠤᠷᠢᠲᠠᠨ ᠪᠣᠯᠭᠠᠨ᠎ᠠ᠃ ᠯᠢᠶᠠᠩᠴᠧᠩ ᠤᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠯᠢ ᠰᠢᠤ ᠲᠢᠩ᠄ ︽2023 ᠣᠨ ᠠᠴᠠ ᠡᠬᠢᠯᠡᠨ᠂ ᠪᠢᠳᠡ ᠰᠢᠯᠢᠳᠡᠭ ᠪᠠᠭᠰᠢ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠰᠢᠯᠢᠳᠡᠭᠵᠢᠨ ᠰᠤᠷᠭᠠᠭᠤᠯᠢ ᠡᠷᠭᠢᠯᠡᠬᠦ ᠪᠠᠷ ᠴᠢᠷᠮᠠᠶᠢᠵᠤ᠂ ᠪᠦᠯᠬᠦᠮᠳᠡᠨ ᠬᠠᠮᠵᠢᠯᠴᠠᠬᠤ᠂ ᠬᠠᠮᠲᠤ ᠪᠠᠷ ᠴᠢᠷᠮᠠᠶᠢᠬᠤ ᠵᠣᠷᠢᠭ ᠰᠠᠨᠠᠭ᠎ᠠ ᠶᠢ ᠪᠠᠷᠢᠮᠲᠠᠯᠠᠨ᠂ ᠬᠠᠮᠤᠭ ᠤᠨ ᠢᠳᠡᠪᠬᠢᠲᠡᠶ ᠬᠠᠯᠠᠭᠤᠨ ᠰᠡᠳᠬᠢᠯᠭᠡ ᠪᠠ ᠬᠠᠮᠤᠭ ᠤᠨ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠰᠤᠷᠤᠭᠴᠢᠳ ᠤᠨ ᠥᠪᠡᠷᠮᠢᠴᠡ ᠬᠥᠭᠵᠢᠯᠲᠡ ᠶᠢᠨ ᠬᠡᠷᠡᠭᠴᠡᠭᠡ ᠶᠢ ᠬᠠᠩᠭᠠᠵᠤ᠂ ᠦᠨᠡᠨ ᠰᠡᠳᠬᠢᠯ ᠠᠴᠠ ᠪᠠᠨ ᠣᠶᠤᠨ ᠰᠠᠨᠠᠭ᠎ᠠ ᠪᠠᠨ ᠲᠡᠵᠢᠭᠡᠵᠦ᠂ ᠬᠠᠶᠢᠷ᠎ᠠ ᠰᠡᠳᠬᠢᠯᠭᠡ ᠪᠠᠷ ᠦᠰᠦᠨ ᠪᠤᠶᠢᠵᠢᠬᠤ ᠳᠤᠷᠠᠲᠠᠶ ᠪᠠᠶᠢᠨ᠎ᠠ︾ ᠭᠡᠵᠡᠶ᠃    ᠯᠢᠶᠠᠩᠴᠧᠩ ᠭᠤᠷᠪᠠᠳᠤᠭᠠᠷ ᠳᠤᠮᠳᠠᠳᠤ ᠰᠤᠷᠭᠠᠭᠤᠯᠢ ᠪᠠᠰᠠ ᠬᠡᠷ ᠪᠦᠯᠢ᠂ ᠨᠡᠶᠢᠭᠡᠮ᠂ ᠰᠤᠷᠭᠠᠭᠤᠯᠢ ᠭᠤᠷᠪᠠ ᠶᠢ ᠨᠢᠭᠡ ᠴᠤᠭᠴᠠᠵᠢᠭᠤᠯᠤᠭᠰᠠᠨ ᠬᠥᠮᠦᠨ ᠬᠥᠮᠦᠵᠢᠭᠦᠯᠬᠦ ᠰᠢᠰᠲ᠋ᠧᠮ ᠤᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠰᠤᠷᠤᠭᠴᠢᠳ ᠲᠤ ᠰᠠᠶᠢᠨ ᠰᠠᠶᠢᠬᠠᠨ ᠰᠤᠷᠤᠯᠴᠠᠯᠭ᠎ᠠ ᠪᠠ ᠰᠤᠷᠭᠠᠨ ᠬᠥᠮᠦᠵᠢᠯ ᠤᠨ ᠣᠷᠴᠢᠨ ᠨᠥᠬᠦᠴᠡᠯ ᠢ ᠪᠣᠶ ᠪᠣᠯᠭᠠᠵᠤ᠂ ᠬᠡᠤᠬᠡᠳ ᠤᠨ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠤᠶᠢᠵᠢᠬᠤ ᠶᠢ ᠪᠦᠲᠦᠮᠵᠢᠲᠡᠶ ᠠᠬᠢᠭᠤᠯᠪᠠ᠃                                             ᠨᠠᠶᠢᠷᠠᠭᠤᠯᠤᠭᠴᠢ᠄  ᠯᠢ ᠬᠤᠩ ᠢᠦᠢ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2