ᠯᠢᠶᠠᠩᠴᠧᠩ ᠰᠢᠶᠠᠨ ᠤ ᠡᠯᠳᠡᠪ ᠠᠮᠤ ᠡᠯᠳᠡᠪ ᠪᠤᠷᠴᠠᠭ ᠤᠨ ︽ᠲᠠᠷᠢᠶᠠᠨ ᠦᠷ᠎ᠡ ᠰᠣᠩᠭᠤᠬᠤ︾ ᠲᠠᠪᠴᠠᠩ ᠨᠠᠷᠢᠮᠤ᠂ ᠰᠢᠰᠢ ᠶᠢᠨ ᠲᠠᠷᠢᠶᠠᠯᠠᠭ᠎ᠠ ᠶᠢ ᠳᠠᠭᠤᠰᠬᠠᠪᠠ
ᠨᠡᠶᠢᠲᠡᠯᠡᠭᠰᠡᠨ ᠴᠠᠭ᠄
2024/5/15
    ᠲᠠᠷᠢᠮᠠᠯ ᠤᠨ ᠰᠢᠨ᠎ᠡ ᠡᠭᠦᠯᠳᠡᠷ ᠢ ᠳᠡᠯᠭᠡᠷᠡᠭᠦᠯᠬᠦ ᠠᠯᠬᠤᠴᠠ ᠶᠢ ᠲᠦᠷᠭᠡᠳᠬᠡᠵᠦ᠂ ᠲᠠᠷᠢᠮᠠᠯ ᠤᠨ ᠡᠭᠦᠯᠳᠡᠷ ᠤᠨ ᠪᠠᠶᠢᠷᠢᠰᠢᠭᠤᠯᠤᠯᠲᠠ ᠶᠢ ᠬᠥᠲᠥᠯᠥᠨ ᠵᠢᠯᠣᠭᠤᠳᠴᠤ᠂ ᠰᠠᠶᠢᠨ ᠡᠭᠦᠯᠳᠡᠷ ᠤᠨ ᠰᠢᠨᠡᠳᠬᠡᠯ ᠰᠣᠯᠢᠭᠳᠠᠯ ᠢ ᠲᠦᠷᠭᠡᠳᠬᠡᠵᠦ ᠂ ᠲᠠᠷᠢᠶᠠᠴᠢᠳ ᠢ ᠵᠢᠯᠣᠭᠤᠳᠤᠨ ᠰᠢᠨᠵᠢᠯᠡᠬᠦ ᠤᠬᠠᠭᠠᠨᠴᠢ ᠪᠠᠷ ᠦᠷ᠎ᠡ ᠰᠣᠩᠭᠤᠵᠤ᠂ ᠠᠮᠤ ᠪᠤᠳᠠᠭᠠᠨ ᠤ ᠤᠨᠠᠯᠲᠠ ᠶᠢᠨ ᠨᠡᠮᠡᠭᠳᠡᠯ ᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠯᠢᠶᠠᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠣᠰ ᠰᠢᠶᠠᠨ ᠤ ᠬᠤᠩ ᠮᠤᠤ ᠪᠠᠯᠭᠠᠰᠤᠨ ᠤ ᠠᠨ ᠽᠢ ᠱᠠᠨ ᠯᠣᠣ ᠸᠠ ᠶᠢᠩ ᠲᠣᠰᠬᠤᠨ ᠳᠤ ᠨᠠᠷᠢᠮᠤ ᠪᠠᠷ ᠭᠤᠤᠯ ᠪᠣᠯᠭᠠᠭᠰᠠᠨ ︽ᠲᠠᠷᠢᠶᠠᠨ ᠦᠷ᠎ᠡ ᠰᠣᠩᠭᠤᠬᠤ︾ ᠲᠠᠪᠴᠠᠩ ᠤᠨ ᠲᠥᠷᠥᠯ ᠵᠦᠢᠯ ᠢ ᠬᠡᠷᠡᠭᠵᠢᠭᠦᠯᠪᠡ᠃ ᠴᠢᠩᠭ᠎ᠠ ᠰᠢᠭᠰᠢᠨ ᠰᠣᠩᠭᠤᠬᠤ ᠪᠠᠷ ᠳᠠᠮᠵᠢᠭᠠᠳ ᠲᠠᠷᠢᠭᠰᠠᠨ ᠨᠠᠷᠢᠮᠦ ᠶᠢᠨ ᠲᠥᠷᠥᠯ ᠵᠦᠢᠯ 22᠂ ᠰᠢᠰᠢ ᠶᠢᠨ ᠡᠭᠦᠯᠳᠡᠷ 6 ᠪᠠᠶᠢᠨ᠎ᠠ᠃ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠯᠢᠶᠠᠩᠴᠧᠩ ᠰᠢᠶᠠᠨ ᠤ ᠲᠠᠷᠢᠶᠠᠯᠠᠩ ᠤᠨ ᠠᠵᠢᠯ ᠤᠨ ᠥᠷᠲᠡᠭᠡ ᠢᠳᠡᠪᠬᠢᠲᠡᠶ ᠬᠥᠳᠡᠯᠦᠯᠴᠡᠵᠦ᠂ ᠡᠯᠳᠡᠪ ᠠᠮᠤ ᠡᠯᠳᠡᠪ ᠪᠤᠷᠴᠠᠭ ᠤᠨ ︽ᠲᠠᠷᠢᠶᠠᠨ ᠦᠷ᠎ᠡ ᠰᠣᠩᠭᠤᠬᠤ︾ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠦᠲᠦᠮᠵᠢᠲᠡᠶ ᠥᠷᠨᠢᠭᠦᠯᠵᠦ᠂ ᠣᠶᠤᠨᠯᠢᠭ ᠵᠠᠮᠴᠢᠯᠠᠭ᠎ᠠ ᠲᠠᠢ ᠲᠠᠷᠢᠶᠠᠯᠠᠩ ᠤᠨ ᠮᠧᠬᠠᠨᠢᠭ ᠤᠨ ᠪᠦᠷᠢᠨ ᠪᠦᠷᠬᠦᠭᠦᠯ ᠢ ᠬᠡᠷᠡᠭᠯᠡᠨ᠂ ᠮᠥ ᠪᠦᠷᠢ ᠳᠤ 200 ᠺᠢᠯᠣᠭ᠍ᠷᠠᠮ ᠣᠷᠭᠠᠨᠢᠭ ᠪᠣᠷᠳᠣᠭᠤᠷ ᠣᠷᠣᠭᠤᠯᠵᠤ ᠰᠠᠭᠤᠷᠢ ᠪᠣᠷᠳᠣᠭᠤᠷ ᠪᠣᠯᠭᠠᠵᠤ᠂ ᠣᠳᠣᠬᠠᠨ ᠳᠤ ᠨᠢᠭᠡᠨᠲᠡ ᠪᠦᠬᠦᠨ ᠢ ᠳᠠᠷᠢᠵᠤ ᠳᠠᠭᠤᠰᠬᠠᠪᠠ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2