ᠬᠥᠳᠡᠭᠡ ᠲᠣᠰᠬᠤᠨ ᠤ ᠵᠠᠰᠠᠮᠠᠯ ᠵᠠᠮ ᠤᠨ  ᠤᠶᠤᠨᠲᠤ ᠥᠨᠳᠥᠷ ᠰᠢᠰᠲ᠋ᠧᠮ ᠢ ᠡᠬᠢᠯᠡᠨ ᠬᠡᠷᠡᠭᠯᠡᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2024/5/16
ᠥᠷᠭᠡᠨ ᠣᠯᠠᠨ ᠲᠦᠮᠡᠨ ᠪᠠ ᠵᠢᠯᠣᠭᠤᠴᠢ ᠨᠠᠶᠢᠵᠠ ᠨᠠᠷ ᠡ᠄    ᠬᠥᠳᠡᠭᠡ ᠲᠣᠰᠬᠤᠨ ᠤ ᠵᠠᠰᠠᠮᠠᠯ ᠵᠠᠮ ᠢ ᠤᠯᠠᠮ ᠨᠢᠭᠡ ᠠᠯᠬᠤᠮ ᠬᠠᠮᠠᠭᠠᠯᠠᠵᠤ᠂ ᠬᠡᠲᠦ ᠥᠨᠳᠥᠷ ᠲᠡᠷᠭᠡ ᠬᠥᠰᠬᠡ ᠶᠢᠨ ᠬᠥᠳᠡᠭᠡ ᠲᠣᠰᠬᠤᠨ ᠤ ᠵᠠᠰᠠᠮᠠᠯ ᠵᠠᠮ ᠳᠤ ᠬᠠᠤᠯᠢ ᠶᠢ ᠵᠥᠷᠢᠴᠡᠨ ᠶᠠᠪᠤᠭᠤᠯᠬᠤ ᠶᠢ ᠬᠤᠷᠢᠭᠯᠠᠨ ᠵᠣᠭᠰᠣᠭᠠᠵᠤ᠂ ᠵᠠᠰᠠᠮᠠᠯ ᠵᠠᠮ ᠢ ᠬᠡᠷᠡᠭᠯᠡᠬᠦ ᠠᠮᠢ ᠨᠠᠰᠤ ᠶᠢ ᠤᠷᠲᠤᠳᠬᠠᠬᠤ ᠪᠠ ᠵᠠᠮ ᠨᠡᠪᠲᠡᠷᠡᠯᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠢ ᠡᠭᠦᠳᠦᠨ ᠪᠠᠶᠢᠭᠤᠯᠬᠤ ᠱᠠᠭᠠᠷᠳᠠᠯᠭ᠎ᠠ ᠲᠠᠢ ᠤᠶᠠᠯᠳᠤᠭᠤᠯᠤᠨ᠂ ᠮᠠᠨ ᠤ ᠰᠢᠶᠠᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ᠂ ᠪᠦᠷᠢᠨ ᠪᠦᠲᠦᠨ᠂ ᠰᠠᠭᠠᠳ ᠥᠬᠡᠶ ᠨᠡᠪᠲᠡᠷᠡᠬᠦ ᠶᠢ ᠦᠨᠡᠨ ᠬᠦ ᠬᠠᠮᠠᠭᠠᠯᠠᠪᠠ᠃    ᠴᠡᠷᠢᠭ ᠠᠩᠭᠢ᠂ ᠭᠠᠯ ᠤᠨᠲᠠᠷᠠᠭᠠᠬᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠲᠡᠷᠭᠡ ᠬᠥᠰᠬᠡ ᠶᠢ ᠨᠡᠪᠲᠡᠷᠡᠭᠦᠯᠬᠦ ᠴᠢᠬᠤᠯᠠᠲᠠᠶ ᠦᠶ᠎ᠡ ᠳᠤ᠂ ᠤᠲᠠᠰᠤ 0474 - 4206310 ︵1754743041313︶᠎ ᠪᠠᠷ ᠤᠲᠠᠰᠤᠳᠠᠵᠤ ᠂ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠲᠣᠭᠲᠠᠭᠠᠯ ᠶᠣᠰᠣᠭᠠᠷ ᠡᠰᠢ ᠡᠷᠭᠦᠬᠦ ᠠᠵᠢᠯᠯᠠᠭ᠎ᠠ ᠶᠢ ᠬᠡᠷᠡᠭᠵᠢᠭᠦᠯᠦᠨ᠎ᠡ᠃    ᠤᠶᠤᠨᠲᠤ ᠥᠨᠳᠥᠷ ᠢ ᠬᠢᠵᠠᠭᠠᠷᠯᠠᠬᠤ ᠰᠢᠰᠲ᠋ᠧᠮ ᠤᠨ ᠡᠯᠧᠺᠲᠷᠤᠨ ᠲᠤᠭ᠎ᠠ ᠪᠠᠷᠢᠮᠲᠠ ᠴᠤᠭᠯᠠᠭᠤᠯᠬᠤ ᠲᠥᠬᠦᠭᠡᠷᠦᠮᠵᠢ ᠨᠢ 24 ᠴᠠᠭ ᠤᠨ ᠪᠥᠬᠦ ᠶᠠᠪᠤᠴᠠ ᠳᠤ ᠵᠠᠮ ᠤᠨ ᠲᠡᠷᠭᠡ ᠬᠥᠰᠬᠡ ᠶᠢᠨ ᠶᠠᠪᠤᠵᠤ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠬᠢᠨᠠᠨ ᠡᠵᠡᠮᠳᠡᠵᠦ᠂ ᠵᠥᠪᠰᠢᠶᠡᠷᠡᠯ ᠦᠭᠡᠢ ᠪᠠᠷ ᠬᠠᠤᠯᠢ ᠶᠢ ᠵᠥᠷᠢᠴᠡᠨ ᠶᠠᠪᠤᠬᠤ ᠪᠤᠶᠤ ᠨᠡᠪᠲᠡᠷᠡᠬᠦ ᠶᠢ ᠬᠢᠵᠠᠭᠠᠷᠯᠠᠬᠤ ᠦᠶ᠎ᠡ ᠳᠤ ᠥᠨᠳᠥᠷ ᠢ ᠬᠢᠵᠠᠭᠠᠷᠯᠠᠬᠤ ᠲᠥᠬᠦᠭᠡᠷᠦᠮᠵᠢ ᠶᠢ ᠡᠪᠳᠡᠭᠰᠡᠨ ᠪᠠᠶᠢᠪᠠᠯ᠂ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠪᠣᠯᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠯᠢᠶᠠᠩᠴᠧᠩ ᠰᠢᠶᠠᠨ ᠤ ᠶᠡᠭᠡ ᠠᠩᠭᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                                          ᠡᠭᠦᠨ ᠤ ᠲᠤᠯᠠ ᠣᠨᠴᠠᠭᠠᠶᠢᠯᠠᠨ ᠵᠠᠷᠯᠠᠪᠠ                                       ᠯᠢᠶᠠᠩᠴᠧᠩ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ                          ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ                                   ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ                                            ᠯᠢᠶᠠᠩᠴᠧᠩ ᠰᠢᠶᠠᠨ ᠤ ᠶᠡᠭᠡ ᠠᠩᠭᠢ                                   2024 ᠣᠨ ᠤ 5 ᠰᠠᠷ᠎ᠠ ᠶᠢᠨ 14᠎ ᠤ ᠡᠳᠦᠷ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2