ᠮᠠᠨ ᠤ ᠰᠢᠶᠠᠨ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/5/16
   ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠰᠠᠭᠤᠷᠢ ᠴᠢᠨᠠᠷᠲᠠᠢ ᠢᠨᠵᠧᠨᠧᠷᠢᠩ ᠪᠣᠯᠣᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠭᠦᠷᠭᠡ ᠶᠢ ᠪᠣᠳᠠᠲᠠᠢ ᠠᠳᠬᠤᠵᠤ ᠰᠠᠶᠢᠲᠤᠷ ᠠᠳᠬᠤᠬᠤ ᠶᠢᠨ ᠲᠥᠯᠥᠭᠡ᠂ 5 ᠰᠠᠷ᠎ᠠ ᠶᠢᠨ 15 ᠤ ᠡᠳᠦᠷ᠂ ᠯᠢᠶᠠᠩᠴᠧᠩ ᠰᠢᠶᠠᠨ ᠤ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠵᠢᠴᠢ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠵᠢᠷᠭᠤᠳᠤᠭᠠᠷ ᠰᠤᠮᠤ ᠪᠠᠯᠭᠠᠰᠤᠨ ᠤ ᠳ᠋ᠠ ᠭᠧ ᠯᠧᠩ ᠲᠣᠰᠬᠤᠨ ᠳᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠢᠤᠢ ᠸᠧᠨ ᠺᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
   
     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠯ᠎ᠡ ᠬᠠᠮᠢᠶ᠎ᠠ ᠪᠥᠬᠦᠶ ᠨᠢᠭᠡᠴᠡ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠪᠠᠷ ᠵᠠᠰᠠᠬᠤ ᠤᠬᠠᠭᠤᠯᠭ᠎ᠠ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃ ᠯᠢᠶᠠᠩᠴᠧᠩ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠨᠤᠮᠢᠨᠳᠠᠯᠠᠢ᠄ ︽ᠵᠢᠯ ᠪᠦᠷᠢ ᠶᠢᠨ ᠲᠠᠪᠤᠨ ᠰᠠᠷ᠎ᠠ ᠪᠣᠯ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠠ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠮᠥᠨ᠂ ᠪᠠᠰᠠ ᠴᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠨᠢᠭᠡ ᠵᠦᠢᠯ ᠤᠨ ᠠᠴᠢᠶᠠᠯᠠᠪᠤᠷᠢ ᠮᠥᠨ᠂ ᠲᠠᠷᠠᠭᠠᠴᠢ ᠶᠢᠨ ᠠᠯᠬᠤᠮ ᠳᠤ ᠪᠢᠳᠡ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠪᠠᠷ ᠵᠠᠰᠠᠬᠤ ᠶᠢ ᠰᠢᠶᠠᠩ ᠪᠠᠯᠭᠠᠰᠤ ᠪᠠ ᠲᠣᠰᠬᠤᠨ ᠨᠢᠭᠡᠪᠦᠷᠢ ᠳᠤ ᠴᠥᠮ ᠤᠬᠠᠭᠤᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ︾ ᠭᠡᠵᠡᠶ᠃
         ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠡᠷᠬᠢᠯᠡᠭᠰᠡᠨ ᠨᠢ ᠣᠯᠠᠨ ᠲᠦᠮᠡᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠲᠡᠳᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠠᠭᠠᠯᠠᠬᠤ ᠤᠬᠠᠮᠰᠠᠷᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠦᠭᠰᠡᠨ ᠪᠠᠶᠢᠨ᠎ᠠ᠃ ᠵᠢᠷᠭᠤᠳᠤᠭᠠᠷ ᠰᠤᠮᠤ ᠪᠠᠯᠭᠠᠰᠤᠨ ᠤ ᠳ᠋ᠠ ᠭᠧ ᠯᠢᠶᠠᠩ ᠲᠣᠰᠬᠤᠨ ᠤ ᠠᠷᠠᠳ ᠤᠨ ᠵᠥᠪᠯᠡᠯ ᠤᠨ ᠳᠡᠳ᠋ ᠡᠭᠦᠷ ᠤᠨ ᠱᠦᠵᠢ ᠵᠠᠩ ᠷᠦᠨ ᠰᠦᠸᠧ᠄ ︽ᠮᠠᠨ ᠤ ᠲᠣᠰᠬᠤᠨ ᠤ ᠵᠥᠪᠯᠡᠯ ᠭᠤᠤᠯᠳᠠᠭᠤ ᠲᠣᠰᠬᠤᠨ ᠳᠤ ᠣᠷᠣᠬᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠸᠢᠴᠠᠲ ᠤᠨ ᠬᠤᠯᠪᠤᠭ᠎ᠠ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠥᠷᠭᠡᠨ ᠣᠯᠠᠨ ᠲᠣᠰᠬᠤᠨ ᠤ ᠠᠷᠠᠳ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠲᠠᠯ᠎ᠠ ᠶᠢ ᠮᠡᠳᠡᠭᠦᠯᠦᠨ᠎ᠡ︾ ᠭᠡᠵᠦ ᠬᠡᠯᠡᠪᠡ᠃
          ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠤᠯᠠᠭᠠᠨᠮᠥ᠋ᠴᠢᠷ ᠤᠨ ᠭᠡᠰᠢᠭᠦᠳ ᠪᠠᠰᠠ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠲᠡᠳᠡ ᠳᠠᠭᠤᠤ ᠪᠠᠷ ᠬᠦᠴᠦᠨ ᠢᠶᠠᠨ ᠳᠠᠮᠵᠢᠭᠤᠯᠵᠤ᠂ ᠪᠥᠵᠢᠭ ᠢᠶᠠᠷ ᠬᠦᠰᠡᠯ ᠵᠡᠭᠦᠳᠦ ᠪᠠᠨ ᠰᠦᠯᠵᠢᠵᠦ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠰᠠᠶᠢᠬᠠᠨ ᠬᠠᠭᠤᠳᠠᠰᠤ ᠶᠢ ᠬᠠᠮᠲᠤ ᠪᠠᠷ ᠬᠠᠩᠭᠢᠨᠠᠭᠤᠯᠪᠠ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2