【 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ 】 ᠯᠢᠶᠠᠩᠴᠧᠩ ᠰᠢᠶᠠᠨ ᠤ ᠡᠯ᠎ᠡ ᠦᠵᠡᠮᠵᠢ ᠶᠢᠨ ᠣᠷᠣᠨ ᠤ ᠥᠩᠭᠡ ᠢᠯᠭᠠᠷᠠᠭᠰᠠᠨ ᠠᠵᠢᠯᠯᠠᠭ᠎ᠠ ᠠᠷᠪᠠᠨ ᠳᠥᠷᠪᠡᠳᠦᠭᠡᠷ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠎ ᠢ ᠪᠠᠶᠠᠷᠯᠠᠨ ᠤᠭᠲᠤᠪᠠ
ᠨᠡᠶᠢᠲᠡᠯᠡᠭᠰᠡᠨ ᠴᠠᠭ᠄
2024/5/20
   ᠡᠨᠡ ᠵᠢᠯ ᠤᠨ 5 ᠰᠠᠷ᠎ᠠ ᠶᠢᠨ 19᠎ ᠤ ᠡᠳᠦᠷ ᠪᠣᠯ ᠠᠷᠪᠠᠨ ᠳᠥᠷᠪᠡᠳᠦᠭᠡᠷ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠪᠣᠯᠤᠨ᠎ᠠ᠂ ᠡᠨᠡ ᠵᠢᠯ ᠤᠨ ᠵᠢᠭᠤᠯᠴᠢᠯᠠᠯ ᠤᠨ ᠡᠳᠦᠷ ᠤᠨ ᠭᠤᠣᠯ ᠰᠡᠳᠦᠪ ᠨᠢ ︽ᠳᠤᠮᠳᠠᠳᠤ ᠤᠯᠤᠰ ᠤᠨ ᠵᠣᠯ ᠵᠢᠷᠭᠠᠯᠲᠤ ᠠᠮᠢᠳᠤᠷᠠᠯ︾ ᠪᠣᠯᠤᠨ᠎ᠠ᠂ ᠵᠢᠭᠤᠯᠴᠢᠯᠠᠯ ᠤᠨ ᠡᠳᠦᠷ ᠤᠨ ᠬᠦᠷᠴᠦ ᠢᠷᠡᠬᠦ ᠶᠢ ᠤᠭᠳᠤᠬᠤ ᠶᠢᠨ ᠲᠥᠯᠥᠭᠡ᠂  ᠯᠢᠶᠠᠩᠴᠧᠩ ᠰᠢᠶᠠᠨ ᠤ ᠡᠯ᠎ᠡ ᠦᠵᠡᠮᠵᠢ ᠶᠢᠨ ᠣᠷᠣᠨ ᠤ ᠬᠢᠨ ᠭᠦᠢᠴᠡᠳ ᠪᠡᠯᠡᠳᠭᠡᠯ ᠬᠢᠵᠦ᠂ ᠣᠯᠠᠨ ᠵᠦᠢᠯ ᠤᠨ ᠠᠵᠢᠯᠯᠠᠭ᠎ᠠ ᠪᠠᠷ ᠨᠠᠢᠮᠠᠨ ᠲᠠᠯ᠎ᠠ ᠶᠢᠨ  ᠵᠢᠭᠤᠯᠴᠢᠯᠠᠭᠴᠢᠳ ᠢ ᠪᠠᠶᠠᠷᠯᠠᠨ ᠤᠭᠲᠤᠵᠤ  ᠪᠠᠶᠢᠨ᠎ᠠ᠃
       5 ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨ᠎ᠡ᠂ ᠮᠠᠨ ᠤ ᠰᠢᠶᠠᠨ ᠤ ᠳᠠᠭ᠎ᠠ ᠶᠢᠨ ᠨᠠᠭᠤᠷ ᠤᠨ ᠵᠢᠭᠤᠯᠴᠢᠯᠠᠯ ᠤᠨ ᠣᠷᠣᠨ ︽5 · 19᠎ ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠎ ᠤᠨ ᠰᠢᠷᠢᠰ ᠠᠵᠢᠯᠯᠠᠭ᠎ᠠ ᠵᠢᠴᠢ ᠳᠠᠭ᠎ᠠ ᠶᠢᠨ ᠨᠠᠭᠤᠷ ᠤᠨ ᠦᠵᠡᠮᠵᠢ ᠶᠢᠨ ᠣᠷᠣᠨ ᠢ ᠨᠡᠭᠡᠭᠡᠬᠦ ᠶᠣᠰᠣᠯᠠᠯ ᠶᠠᠪᠤᠭᠤᠯᠪᠠ᠃ ᠰᠢᠶᠠᠨ ᠤ ᠤᠳᠤᠷᠢᠳᠤᠯᠭ᠎ᠠ ᠷᠧᠨ ᠳ᠋ᠦᠩ ᠮᠢᠩ᠂ ᠯᠢ ᡁᠢ ᠵᠧᠦ ᠣᠷᠣᠯᠴᠠᠪᠠ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠲᠤᠭ ᠨᠠᠮᠢᠷᠠᠵᠤ᠂ ᠬᠥᠮᠦᠨ ᠬᠠᠷ᠎ᠠ ᠬᠤᠷᠠᠨ  ᠴᠤᠭᠯᠠᠷᠠᠵᠤ᠂ ᠶᠣᠰᠣᠯᠠᠯ ᠳᠡᠭᠡᠷ᠎ᠡ ᠤᠯᠠᠭᠠᠨᠮᠥ᠋ᠴᠢᠷ ᠤᠨ ᠭᠡᠰᠢᠭᠦᠳ ᠭᠤᠶᠣᠯᠠᠯ ᠤᠨ ᠬᠤᠪᠴᠠᠰᠤ ᠵᠠᠰᠠᠯ ᠢᠶᠠᠷ ᠢᠶᠠᠨ ᠭᠤᠶᠣᠯᠠᠵᠤ᠂ ᠵᠤᠭᠠᠴᠠᠭᠰᠠᠳ ᠲᠤ ᠭᠤᠶᠢᠳᠠ ᠰᠠᠶᠢᠬᠠᠨ ᠬᠤᠶᠠᠷ ᠬᠥᠮᠦᠨ ᠤ ᠲᠠᠶᠢᠰᠠ ᠵᠡᠷᠭᠡ ᠲᠤᠬᠠᠶ ᠶᠢᠨ ᠭᠠᠵᠠᠷ ᠤᠨ ᠠᠷᠠᠳ ᠤᠨ ᠤᠯᠠᠮᠵᠢᠯᠠᠯᠲᠤ ᠵᠦᠴᠦᠭᠡ ᠶᠢᠨ ᠲᠣᠭᠯᠠᠯᠲᠠ ᠨᠢ ᠵᠤᠭᠠᠴᠠᠭᠰᠠᠳ ᠲᠤ ᠳᠠᠭ᠎ᠠ ᠶᠢᠨ ᠨᠠᠭᠤᠷ ᠤᠨ ᠦᠵᠡᠰᠬᠦᠯᠡᠩᠲᠦ ᠰᠠᠶᠢᠬᠠᠨ ᠥᠩᠭᠡ ᠦᠵᠡᠮᠵᠢ ᠶᠢ ᠣᠶᠢᠯᠠᠭᠠᠭᠤᠯᠬᠤ ᠶᠢᠨ ᠬᠠᠮᠲᠤ ᠭᠠᠵᠠᠷ ᠣᠷᠣᠨ ᠤ ᠰᠣᠶᠣᠯ ᠤᠷᠠᠯᠢᠭ ᠤᠨ ᠷᠢᠳᠢ ᠰᠢᠳᠢ ᠶᠢ ᠮᠡᠳᠡᠷᠡᠭᠦᠯᠪᠡ᠃
        ᠦᠳᠡᠰᠢ ᠶᠢᠨ ᠬᠦᠰᠢᠬᠡ ᠪᠠᠭᠤᠵᠦ ᠢᠷᠡᠬᠦ ᠲᠠᠰᠢᠷᠠᠮ ᠳᠤ᠂ ᠰᠣᠯᠣᠩᠭᠠᠨ ᠲᠤᠶᠠᠭ᠎ᠠ ᠰᠠᠴᠤᠷᠠᠵᠤ᠂ ᠢᠷᠠᠭᠤ ᠰᠠᠶᠢᠬᠠᠨ ᠲᠠᠯ᠎ᠠ ᠨᠤᠲᠤᠭ ᠤᠨ ᠮᠠᠯᠴᠢᠳ ᠤᠨ ᠳᠠᠭᠤᠤ ᠶᠢ ᠳᠠᠭᠠᠯᠳᠤᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠭᠰᠠᠨ ᠲᠦᠳᠡᠭ ᠭᠠᠯ ᠤᠨ ᠦᠳᠡᠰᠢᠯᠡᠭᠡ ᠬᠤᠩ ᠮᠤᠤ ᠪᠠᠯᠭᠠᠰᠤᠨ ᠤ ᠵᠢᠦ ᠳ᠋ᠠᠢ ᠸᠠᠨ ᠵᠢᠭᠤᠯᠴᠢᠯᠠᠯ ᠤᠨ ᠣᠷᠣᠨ ᠳᠤ ᠵᠢᠩᠬᠢᠨᠢ ᠪᠠᠷ ᠡᠬᠢᠯᠡᠪᠡ᠃ ᠥᠩᠭᠡᠲᠦ ᠳ᠋ᠧᠩ ᠨᠢ ᠦᠳᠡᠰᠢ ᠶᠢᠨ ᠣᠭᠲᠠᠷᠭᠤᠢ ᠳᠤ ᠬᠠᠮᠤᠭ ᠤᠨ ᠭᠤᠶᠣ ᠣᠳᠣᠳ ᠭᠢᠯᠠᠯᠵᠠᠨ᠎ᠠ᠃
       ᠣᠶᠢᠷ᠎ᠠ ᠳᠤ ᠨᠡᠶᠢᠲᠡᠯᠡᠭᠰᠡᠨ ᠥᠪᠥᠷ ᠮᠣᠩᠭᠤᠯ ᠤᠨ ᠠᠩᠬᠠᠳᠠᠭᠴᠢ ᠪᠦᠯᠦᠭ ︽ᠠᠷᠪᠠᠨ ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠣᠳᠣᠨ ᠵᠠᠮ ᠱᠤᠭᠤᠮ︾᠎ ᠤᠨ ᠨᠡᠷᠡᠰ ᠤᠨ ᠵᠢᠭᠰᠠᠭᠠᠯᠲᠠ ᠳᠤ᠂ ᠯᠢᠶᠠᠩᠴᠧᠩ ᠰᠢᠶᠠᠨ ᠤ ᠬᠤᠸᠠ ᠵᠧᠨ ᠲᠠᠷᠢᠶᠠᠯᠠᠩ ᠤᠨ ᠲᠠᠯᠠᠪᠠᠶ ᠳᠤ ᠵᠢᠭᠰᠠᠭᠠᠭᠳᠠᠵᠤ᠂ ᠬᠤᠶᠢᠰᠢᠳᠠ ᠶᠢᠨ ᠵᠢᠭᠤᠯᠴᠢᠯᠠᠯ ᠤᠨ ᠭᠥᠯᠢᠶᠡᠨ ᠠᠪᠬᠤ ᠠᠵᠢᠯ ᠢ ᠨᠠᠩ ᠰᠠᠶᠢᠲᠤᠷ ᠬᠢᠬᠦ ᠶᠢᠨ ᠲᠥᠯᠥᠭᠡ᠂ ᠬᠤᠸᠠ ᠵᠧᠨ ᠲᠠᠷᠢᠶᠠᠯᠠᠩ ᠤᠨ ᠲᠠᠯᠠᠪᠠᠶ ᠵᠥᠭᠡᠯᠡᠨ ᠪᠠ ᠬᠠᠲᠠᠭᠤ ᠲᠣᠨᠤᠭ ᠲᠥᠬᠦᠭᠡᠷᠦᠮᠵᠢ ᠶᠢ ᠲᠡᠭᠦᠯᠳᠡᠷᠵᠢᠭᠦᠯᠬᠦ ᠪᠠ ᠵᠢᠭᠤᠯᠴᠢᠯᠠᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠲᠠᠯ᠎ᠠ ᠪᠠᠷ ᠬᠦᠴᠦ ᠣᠷᠣᠭᠤᠯᠵᠤ᠂ ᠨᠠᠩ ᠨᠠᠷᠢᠯᠢᠭ  ᠤᠶᠢᠯᠡᠴᠢᠯᠡᠭᠡ ᠪᠠ ᠨᠠᠩ ᠣᠯᠠᠨ ᠡᠰᠢᠲᠦ ᠠᠵᠢᠯᠯᠠᠭ᠎ᠠ ᠪᠠᠷ ᠵᠢᠭᠤᠯᠴᠢᠯᠠᠯ ᠤᠨ ᠡᠳᠦᠷ ᠪᠠ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠢ ᠤᠭᠲᠤᠪᠠ᠃
   ᠵᠢᠭᠤᠯᠴᠢᠯᠠᠯ ᠤᠨ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠯᠢᠶᠠᠩᠴᠧᠩ ᠰᠢᠶᠠᠨ ᠪᠠᠰᠠ ᠪᠦᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠯ ᠤᠨ ᠭᠤᠤᠯ ᠨᠡᠪᠲᠡᠷᠡᠭᠦᠯᠦᠭᠴᠢ ᠵᠢᠵᠢᠭ ᠨᠤᠭᠤᠰᠤ ᠶᠢ ᠲᠠᠲᠠᠵᠤ᠂ ᠬᠤᠪᠢ ᠬᠥᠮᠦᠨ ᠤ ᠨᠡᠶᠢᠭᠡᠮ ᠤᠨ ᠬᠠᠷᠢᠯᠴᠠᠭᠠᠨ ᠤ ᠲᠠᠪᠴᠠᠩ ᠢ ᠠᠰᠢᠭᠯᠠᠨ ᠪᠡᠶᠡᠴᠢᠯᠡᠨ ᠣᠶᠢᠯᠠᠭᠠᠬᠤ ᠬᠡᠯᠪᠡᠷᠢ ᠶᠢᠨ ᠰᠢᠭᠤᠳ ᠨᠡᠪᠲᠡᠷᠡᠭᠦᠯᠭᠡ ᠶᠢᠨ ᠦᠢᠯᠡᠴᠢᠯᠡᠭᠡ ᠥᠷᠨᠢᠭᠦᠯᠵᠦ᠂ ᠦᠵᠡᠭᠴᠢᠳ ᠲᠤ ᠯᠢᠶᠠᠩᠴᠧᠩ ᠰᠢᠶᠠᠨ ᠤ ᠥᠪᠡᠷᠮᠢᠴᠡ ᠲᠠᠲᠠᠬᠤ ᠬᠦᠴᠦᠨ ᠲᠠᠢ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠳᠡᠯᠭᠡᠨ ᠦᠵᠡᠭᠦᠯᠵᠦ᠂ ᠡᠭᠦᠨ ᠳᠤ ᠠᠯᠳᠠᠷᠲᠤ ᠦᠵᠡᠮᠵᠢ ᠶᠢᠨ ᠣᠷᠣᠨ ᠦᠵᠡᠮᠵᠢ ᠶᠢᠨ ᠣᠷᠣᠨ᠂ ᠣᠷᠣᠨ ᠨᠤᠲᠤᠭ ᠤᠨ ᠣᠨᠴᠠᠯᠢᠭᠲᠤ ᠠᠮᠲᠠᠲᠤ ᠢᠳᠡᠭᠡᠨ᠂ ᠪᠠᠶᠠᠯᠢᠭ ᠰᠠᠶᠢᠬᠠᠨ ᠠᠷᠠᠳ ᠤᠨ ᠵᠠᠩ ᠦᠢᠯᠡ ᠶᠢᠨ ᠠᠵᠢᠯᠯᠠᠭ᠎ᠠ ᠵᠡᠷᠭᠡ ᠶᠢ ᠪᠠᠭᠲᠠᠭᠠᠵᠤ᠂ ᠡᠭᠦᠨ ᠢᠶᠠᠷ ᠯᠢᠶᠠᠩᠴᠧᠩ ᠰᠢᠶᠠᠨ ᠤ ᠵᠢᠭᠤᠯᠴᠢᠯᠠᠯ ᠤᠨ ᠰᠣᠶᠣᠯ ᠤᠨ ᠠᠯᠳᠠᠷᠰᠢᠯ ᠪᠠ ᠲᠠᠲᠠᠬᠤ ᠬᠦᠴᠦᠨ ᠢ ᠳᠡᠭᠡᠭᠰᠢᠯᠡᠭᠦᠯᠪᠡ᠃
   ᠵᠢᠷᠤᠭ ᠮᠡᠲᠦ ᠭᠤᠶᠣ  ᠰᠠᠶᠢᠬᠠᠨ ᠦᠵᠡᠮᠵᠢ᠂  ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠵᠢᠴᠢ ᠪᠣᠯᠪᠠᠰᠤᠨ ᠡᠶ᠎ᠡ ᠵᠣᠬᠢᠴᠠᠯ ᠲᠠᠢ ᠵᠠᠩ ᠦᠢᠯᠡ ᠶᠢᠨ  ᠬᠠᠶᠢᠷ᠎ᠠ ᠰᠡᠳᠭᠢᠯᠭᠡ᠂ ᠡᠯ᠎ᠡ ᠭᠠᠵᠠᠷ ᠤᠨ ᠵᠢᠭᠤᠯᠴᠢᠯᠠᠭᠴᠢᠳ ᠠᠳᠡ ᠢᠷᠡᠵᠦ ᠲᠣᠭᠤᠷᠢᠨ ᠦᠵᠡᠵᠦ᠂ ᠵᠢᠭᠤᠯᠴᠢᠯᠠᠨ ᠰᠠᠭᠤᠬᠤ ᠪᠠᠷ ᠲᠥᠯᠥᠪᠯᠡᠵᠦ  ᠪᠠᠶᠢᠨ᠎ᠠ᠂ ᠯᠠᠨ ᠬᠠᠢ ᠪᠠᠭᠤᠳᠠᠯ ᠳᠤ ᠬᠤᠶᠠᠷ ᠰᠠᠷ᠎ᠠ ᠰᠠᠭᠤᠵᠤ ᠪᠠᠢᠭ᠎ᠠ ᠲᠢᠶᠠᠨᠵᠢᠨ ᠵᠤᠭᠠᠴᠠᠭᠰᠠᠳ ᠯᠢᠦ ᠽᠧ ᠱᠧᠩ᠄ ︽ᠡᠨᠡ  ᠤᠳᠠᠭ᠎ᠠ ᠯᠢᠶᠠᠩᠴᠧᠩ ᠳᠤ ᠢᠷᠡᠭᠰᠡᠨ  ᠮᠠᠰᠢ ᠲᠠᠭᠠᠯᠠᠮᠵᠢᠲᠠᠢ᠂ ᠢᠯᠠᠩᠭᠤᠶ᠎ᠠ  ᠡᠨᠡ ᠬᠦ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠴᠦ ᠮᠠᠰᠢ ᠰᠠᠶᠢᠨ ᠭᠡᠪᠡ᠃                                         ᠨᠠᠶᠢᠷᠠᠭᠤᠯᠤᠭᠴᠢ᠄  ᠯᠢ ᠬᠤᠩ ᠢᠦᠢ                                          ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2