ᠯᠢᠶᠠᠩᠴᠧᠩ ᠰᠢᠶᠠᠨ ᠤ ᠬᠢᠨᠠᠨ ᠪᠤᠳᠤᠬᠤ ᠲᠣᠪᠴᠢᠶ᠎ᠠ
ᠨᠡᠶᠢᠲᠡᠯᠡᠭᠰᠡᠨ ᠴᠠᠭ᠄
2024/5/20
    ᠯᠢᠶᠠᠩᠴᠧᠩ ᠰᠢᠶᠠᠨ ᠤ ᠬᠢᠨᠠᠨ ᠪᠤᠳᠤᠬᠤ ᠲᠣᠪᠴᠢᠶ᠎ᠠ ᠪᠣᠯ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠃ ᠲᠤᠬᠠᠶᠢᠯᠠᠭᠰᠠᠨ ᠠᠵᠢᠯ ᠢ ᠤᠯᠠᠭᠠᠨᠴᠠᠪ ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠤᠳᠤᠷᠢᠳᠤᠯᠭ᠎ᠠ ᠳᠤ ᠬᠠᠷᠢᠶᠠᠯᠠᠭᠤᠯᠵᠤ᠂ ᠬᠢᠨᠠᠨ ᠪᠤᠳᠤᠬᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠪᠡᠶ᠎ᠡ ᠪᠠᠨ ᠳᠠᠭᠠᠭᠠᠨ ᠭᠦᠢᠴᠡᠳᠭᠡᠨ᠎ᠡ᠃ ᠲᠡᠭᠦᠨ ᠤ ᠭᠤᠤᠯ ᠲᠤᠰᠢᠶᠠᠯ ᠬᠠᠷᠢᠭᠤᠴᠠᠯᠭ᠎ᠠ ᠪᠣᠯ ᠠᠳᠠᠯᠢ ᠱᠠᠲᠤᠨ ᠤ ᠡᠯ᠎ᠡ ᠰᠠᠯᠠᠭ᠎ᠠ ᠮᠥᠴᠢᠷ ᠪᠠ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠥᠰᠦᠪ ᠢ ᠭᠦᠢᠴᠡᠳᠭᠡᠭᠰᠡᠨ ᠪᠠᠶᠢᠳᠠᠯ ᠪᠠ ᠲᠥᠰᠦᠪ ᠤᠨ ᠭᠦᠢᠴᠡᠳᠭᠡᠯ᠂ ᠤᠯᠤᠰ ᠤᠨ ᠥᠮᠴᠢᠯᠡᠯ ᠤᠨ ᠮᠥᠩᠭᠦᠨ  ᠭᠦᠢᠯᠭᠡᠭᠡᠨ ᠎ ᠤ ᠪᠠᠶᠢᠭᠤᠯᠤᠮᠵᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠢᠴᠢ ᠤᠯᠤᠰ ᠤᠨ ᠥᠮᠴᠢᠯᠡᠯ ᠤᠨ ᠬᠥᠷᠥᠩᠭᠡ ᠬᠤᠪᠢ ᠡᠵᠡᠮᠳᠡᠬᠦ ᠪᠠᠶᠢᠷᠢ ᠰᠠᠭᠤᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ᠂ ᠤᠯᠤᠰ ᠤᠨ ᠲᠡᠰ ᠤᠨ ᠣᠷᠣᠨ ᠨᠤᠲᠤᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠰᠤᠷᠭᠠᠨ ᠬᠥᠮᠦᠵᠢᠯ᠂ ᠲᠠᠷᠢᠶᠠᠯᠠᠩ ᠪᠠ ᠨᠡᠶᠢᠭᠡᠮ ᠤᠨ ᠳᠠᠭᠠᠳᠬᠠᠯ ᠵᠡᠷᠭᠡ ᠲᠤᠰᠬᠠᠶ ᠪᠡᠯᠡ ᠮᠥᠩᠭᠦ᠂ ᠰᠢᠶᠠᠨ ᠤ ᠱᠠᠲᠤᠨ ᠠᠴᠠ ᠳᠣᠭᠤᠭᠰᠢᠬᠢ ᠨᠠᠮ ᠵᠠᠰᠠᠭ ᠤᠨ ᠤᠳᠤᠷᠢᠳᠬᠤ ᠺᠠᠳ᠋ᠷ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠢᠴᠢ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠲᠤᠰᠢᠶᠠᠯ ᠤᠨ ᠬᠤᠭᠤᠴᠠᠭᠠᠨ ᠤ ᠠᠵᠤ ᠠᠬᠤᠢ ᠶᠢᠨ ᠬᠠᠷᠢᠭᠤᠴᠠᠯᠭ᠎ᠠ ᠵᠢᠴᠢ ᠤᠯᠤᠰ ᠤᠨ ᠡᠳ᠋ ᠬᠥᠷᠥᠩᠭᠡ ᠲᠠᠢ ᠪᠡᠶ᠎ᠡ ᠪᠠᠨ ᠳᠠᠭᠠᠭᠠᠵᠤ ᠲᠣᠭᠠᠴᠠᠭ᠎ᠠ ᠬᠢᠬᠦ ᠡᠳ᠋ ᠤᠨ ᠵᠠᠰᠠᠭ ᠂ ᠵᠢᠵᠢᠭ ᠰᠠᠵᠢᠭ ᠵᠦᠢᠯᠡᠰ ᠲᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠨ᠎ᠠ᠃ ᠳᠣᠲᠣᠭᠠᠳᠤ ᠳᠠᠭᠠᠨ ᠭᠠᠷᠭᠠᠭᠰᠠᠨ ᠠᠯᠪᠠᠨ ᠭᠡᠷ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠠᠰᠤᠭ᠂ ᠲᠣᠭᠲᠠᠮᠠᠯ ᠪᠡᠯᠡ ᠣᠷᠣᠭᠤᠯᠤᠯᠲᠠ ᠶᠢᠨ ᠲᠠᠰᠤᠭ᠂ ᠨᠡᠶᠢᠭᠡᠮ ᠤᠨ ᠪᠠᠲᠤᠯᠠᠭ᠎ᠠ ᠶᠢᠨ ᠲᠠᠰᠤᠭ᠂ ᠠᠵᠤ ᠠᠬᠤᠢ ᠶᠢᠨ ᠬᠠᠷᠢᠭᠤᠴᠠᠯᠭ᠎ᠠ ᠶᠢᠨ ᠲᠠᠰᠤᠭ᠂ ᠠᠵᠤ ᠠᠬᠤᠶ ᠠᠷᠠᠯᠵᠢᠶᠠᠨ ᠤ ᠲᠠᠰᠤᠭ᠂ ᠲᠠᠷᠢᠶᠠᠯᠠᠩ ᠮᠠᠯ ᠠᠵᠤ ᠠᠬᠤᠢ ᠶᠢᠨ ᠲᠠᠰᠤᠭ ᠪᠠ ᠬᠠᠤᠯᠢ ᠲᠣᠭᠲᠠᠭᠠᠯ ᠤᠨ ᠰᠢᠭᠦᠨ ᠰᠢᠢᠳᠪᠤᠷᠢᠯᠡᠬᠦ ᠲᠠᠰᠤᠭ ᠵᠡᠷᠭᠡ ᠪᠣᠯᠤᠨ᠎ᠠ᠃ ᠵᠠᠰᠠᠭ ᠵᠠᠬᠢᠷᠭᠠᠨ ᠤ ᠣᠷᠣᠨ ᠲᠤᠭ᠎ᠠ 11 ᠬᠥᠮᠦᠨ ᠲᠠᠢ᠃                                                                                         ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2