ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠤᠯᠪᠣᠭᠳᠠᠯ ᠪᠥᠬᠦᠶ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠮᠠᠨ ᠤ ᠰᠢᠶᠠᠨ ᠤ ᠠᠯᠠᠰᠢᠨ ᠦᠬᠡᠷ᠂ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠲᠦᠷᠭᠡᠳᠬᠡᠨ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠰᠠᠶᠢᠨ ᠡᠭᠦᠯᠳᠡᠷ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠤᠨ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠲᠡᠵᠢᠭᠡᠯ | ᠡᠪᠡᠰᠦ ᠪᠣᠷᠳᠤᠭ᠎ᠠ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠰᠢᠶᠠᠨ ᠤ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠲᠣᠰ ᠲᠥᠰᠦᠯ ︵ᠳᠡᠭᠡᠳᠦ | ᠱᠠᠲᠤᠨ ᠤ ᠰᠠᠯᠠᠭ᠎ᠠ ᠮᠥᠴᠢᠷ ᠤᠨ ᠨᠡᠶᠢᠲᠡᠯᠡᠭᠰᠡᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ | ᠳᠠᠷᠠᠭ᠎ᠠ᠂ ︽ᠥᠨᠳᠥᠷ ᠢ ᠳᠠᠪᠬᠤᠷᠳᠠᠭᠤᠯᠬᠤ ᠥᠬᠡᠶ︾ ᠵᠠᠷᠴᠢᠮ ᠶᠣᠰᠣᠭᠠᠷ᠂ ᠳᠡᠭᠡᠳᠦ ᠱᠠᠲᠤᠨ ᠤ ᠲᠥᠷᠥ ᠶᠢᠨ | ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ︶ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠᠷ ᠶᠡᠷᠦᠩᠬᠡᠶᠢᠯᠡᠨ ᠡᠵᠡᠮᠳᠡᠵᠦ᠂ | ᠮᠠᠨ ᠤ ᠰᠢᠶᠠᠨ ᠤ ᠠᠯᠠᠰᠢᠨ ᠦᠬᠡᠷ᠂ ᠠᠯᠠᠰᠢᠨ ᠬᠤᠨᠢᠨ ᠤ ᠠᠵᠤ ᠦᠢᠯᠡᠰ ᠤᠨ ᠰᠠᠭᠤᠷᠢ ᠪᠠ ᠡᠬᠢ ᠪᠠᠶᠠᠯᠢᠭ ᠤᠨ | ᠳᠠᠪᠠᠭᠤᠯᠢᠭ ᠲᠤ ᠰᠠᠭᠤᠷᠢᠯᠠᠨ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠭᠤᠤᠯ | ᠰᠢᠵᠢᠮ ᠪᠣᠯᠭᠠᠵᠤ᠂ ᠬᠥᠭᠵᠢᠯᠲᠡ ᠪᠠ ᠠᠮᠢ ᠠᠬᠤᠶ ᠶᠢᠨ ᠬᠤᠶᠠᠷ ᠬᠤᠷᠢᠭ᠎ᠠ ᠱᠤᠭᠤᠮ ᠢ ᠪᠠᠲᠤ ᠰᠠᠬᠢᠵᠤ᠂ ᠬᠤᠨᠢ ᠶᠢ | ᠲᠣᠭᠲᠠᠪᠤᠷᠢᠵᠢᠭᠤᠯᠤᠨ ᠦᠬᠡᠷ ᠢ ᠨᠡᠮᠡᠭᠳᠡᠭᠦᠯᠬᠦ ᠵᠠᠷᠴᠢᠮ ᠢ ᠪᠠᠷᠢᠮᠲᠠᠯᠠᠨ᠂ ᠮᠠᠯ ᠠᠵᠤ ᠠᠬᠤᠶ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠥᠪᠡᠷ ᠢᠶᠠᠨ ᠦᠷᠡᠵᠢᠭᠦᠯᠵᠦ ᠥᠪᠡᠷ ᠢᠶᠠᠨ | ᠪᠤᠶᠢᠵᠢᠭᠤᠯᠬᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠠᠯᠠᠵᠤ ᠡᠳ᠋ᠰᠢᠭᠦᠯᠬᠦ᠂ ᠦᠢᠯᠡᠳᠪᠦᠷᠢᠯᠡᠵᠦ | ᠪᠣᠷᠣᠯᠠᠭᠤᠯᠬᠤ ᠶᠢ ᠢᠵᠢ ᠪᠥᠷᠢᠳᠦᠭᠦᠯᠦᠭᠰᠡᠨ ᠠᠯᠠᠰᠢᠨ ᠦᠬᠡᠷ᠂ ᠠᠯᠠᠰᠢᠨ ᠬᠤᠨᠢᠨ ᠤ ᠦᠢᠯᠡᠳᠪᠦᠷᠢᠯᠡᠯ | ᠡᠵᠡᠩᠨᠡᠯᠲᠡ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠮᠠᠨ ᠤ ᠰᠢᠶᠠᠨ ᠢ ᠠᠯᠠᠰᠢᠨ ᠦᠬᠡᠷ᠂ | ᠠᠯᠠᠰᠢᠨ ᠬᠤᠨᠢᠨ ᠤ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠰᠢᠶᠠᠨ ᠪᠣᠯᠭᠠᠨ ᠪᠥᠲᠥᠭᠡᠨ | ᠪᠠᠶᠢᠭᠤᠯᠤᠨ᠎ᠠ᠃ | ᠬᠤᠶᠠᠷ᠂ ᠬᠥᠭᠵᠢᠯᠲᠡ ᠶᠢᠨ ᠣᠳᠣᠬᠢ ᠪᠠᠶᠢᠳᠠᠯ | ︵ᠨᠢᠭᠡ︶ ᠮᠢᠬᠠᠨ ᠤ ᠦᠬᠡᠷ ᠤᠨ ᠣᠳᠣ ᠶᠢᠨ ᠪᠠᠶᠢᠭ᠎ᠠ ᠲᠡᠵᠢᠭᠡᠵᠦ ᠪᠠᠶᠢᠭ᠎ᠠ ᠪᠠᠶᠢᠳᠠᠯ | ᠪᠦᠬᠦ ᠰᠢᠶᠠᠨ ᠤ ᠠᠯᠠᠰᠢᠨ ᠦᠬᠡᠷ ᠤᠨ ᠲᠤᠭ᠎ᠠ 5.4 ᠲᠦᠮᠡ ᠪᠠᠶᠢᠵᠤ᠂ ᠡᠭᠦᠨ ᠳᠤ᠄ ᠦᠷᠡᠵᠢᠬᠦ ᠦᠨᠢᠶᠡᠨ ᠤ | ᠲᠤᠭ᠎ᠠ 3.24 ᠲᠦᠮᠡ ᠪᠠᠶᠢᠵᠤ᠂ ᠪᠣᠷᠳᠣᠵᠤ ᠲᠠᠷᠭᠤᠯᠠᠭᠤᠯᠬᠤ ᠦᠬᠡᠷ ᠤᠨ ᠲᠤᠭ᠎ᠠ 2.16 ᠲᠦᠮᠡ ᠪᠠᠶᠢᠨ᠎ᠠ᠃ | 50 ᠠᠴᠠ ᠳᠡᠭᠡᠭᠰᠢᠬᠢ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ 214 ᠪᠠᠶᠢᠨ᠎ᠠ᠃ | ︵ᠬᠤᠶᠠᠷ︶ ᠠᠯᠠᠰᠢᠨ ᠬᠤᠨᠢᠨ ᠤ ᠣᠳᠣ ᠶᠢᠨ ᠪᠠᠶᠢᠭ᠎ᠠ ᠲᠡᠵᠢᠭᠡᠨ ᠦᠷᠡᠵᠢᠭᠦᠯᠦᠭᠰᠡᠨ ᠪᠠᠶᠢᠳᠠᠯ | ᠪᠦᠬᠦ ᠰᠢᠶᠠᠨ ᠤ ᠠᠯᠠᠰᠢᠨ ᠬᠤᠨᠢ 30 ᠲᠦᠮᠡ ᠪᠠᠶᠢᠵᠤ᠂ ᠡᠭᠦᠨ ᠳᠤ ᠦᠷᠡᠵᠢᠭᠰᠡᠨ ᠡᠮ᠎ᠡ ᠬᠤᠨᠢ 24 ᠲᠦᠮᠡ | ᠪᠠᠶᠢᠵᠤ᠂ 6 ᠲᠦᠮᠡ ᠪᠣᠷᠳᠣᠨ ᠲᠠᠷᠭᠤᠯᠠᠭᠤᠯᠤᠨ᠎ᠠ᠃ 500 ᠲᠣᠯᠣᠭᠠᠶ ᠠᠴᠠ ᠳᠡᠭᠡᠭᠰᠢᠬᠢ ᠬᠡᠪᠴᠢᠶᠡᠲᠦ ᠲᠡᠵᠢᠭᠡᠨ | ᠦᠷᠡᠵᠢᠭᠦᠯᠬᠦ ᠲᠠᠯᠠᠪᠠᠶ 15 ᠪᠠᠶᠢᠵᠤ᠂ 1000 ᠲᠣᠯᠣᠭᠠᠶ ᠠᠴᠠ ᠳᠡᠭᠡᠭᠰᠢᠬᠢ ᠬᠡᠪᠴᠢᠶᠡᠲᠦ ᠲᠡᠵᠢᠭᠡᠨ ᠦᠷᠡᠵᠢᠭᠦᠯᠬᠦ | ᠲᠠᠯᠠᠪᠠᠶ 3 ᠪᠣᠶ᠃ | ᠭᠤᠷᠪᠠ᠂ ᠬᠠᠷᠠᠯᠲᠠ ᠶᠢᠨ ᠡᠭᠦᠷᠭᠡ | ︵ᠨᠢᠭᠡ︶ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ | 2024 ᠣᠨ ᠳᠤ᠂ ᠪᠥᠬᠦ ᠰᠢᠶᠠᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ 7.5 ᠲᠦᠮᠡ ᠳᠤ | ᠬᠦᠷᠴᠦ᠂ ᠡᠭᠦᠨ ᠳᠤ 1 ᠲᠦᠮᠡᠨ ᠦᠨᠢᠶ᠎ᠡ᠂ 1.1 ᠲᠦᠮᠡᠨ ᠦᠬᠡᠷ ᠰᠢᠨ᠎ᠡ ᠪᠠᠷ ᠨᠡᠮᠡᠭᠳᠡᠪᠡ᠃ ᠠᠯᠠᠰᠢᠨ ᠦᠬᠡᠷ ᠤᠨ | ᠰᠠᠶᠢᠨ ᠡᠭᠦᠯᠳᠡᠷ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠬᠤᠪᠢ ᠶᠢᠨ ᠵᠢᠩ ᠳᠡᠭᠡᠭᠰᠢᠯᠡᠯᠲᠡ ᠲᠠᠢ ᠪᠠᠶᠢᠵᠤ᠂ | ᠴᠢᠨᠠᠷ ᠰᠠᠶᠢᠲᠠᠢ ᠠᠯᠠᠰᠢᠨ ᠦᠬᠡᠷ ᠤᠨ ᠡᠭᠦᠯᠳᠡᠷ ᠢ 2 ᠠᠴᠠ ᠳᠡᠭᠡᠭᠰᠢ ᠪᠤᠶᠢᠵᠢᠭᠤᠯᠤᠨ ᠪᠤᠵᠠᠭᠠᠶᠢᠷᠠᠭᠤᠯᠵᠤ᠂ ᠦᠬᠡᠷ | ᠬᠤᠨᠢᠨ ᠤ ᠲᠣᠭᠲᠠᠭᠰᠠᠨ ᠴᠡᠭ ᠤᠨ ᠨᠢᠲᠤᠯᠬᠤ ᠦᠢᠯᠡᠳᠪᠦᠷᠢ ᠶᠢᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠢᠵᠢ ᠪᠦᠷᠢᠳᠦᠭᠦᠯᠬᠦ ᠴᠢᠳᠠᠪᠤᠷᠢ ᠶᠢ ᠨᠡᠮᠡᠭᠳᠡᠭᠦᠯᠦᠨ᠎ᠡ᠃ | ︵ᠬᠤᠶᠠᠷ︶ ᠠᠯᠠᠰᠢᠨ ᠬᠤᠨᠢᠨ ᠤ ᠠᠵᠦ ᠦᠢᠯᠡᠰ ᠤᠨ ᠬᠦᠭᠵᠢᠯᠲᠡ ᠶᠢᠨ ᠬᠠᠷᠠᠯᠲᠠ | 2024 ᠣᠨ ᠳᠤ᠂ ᠪᠥᠬᠦ ᠰᠢᠶᠠᠨ ᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠡᠪᠴᠢᠶ᠎ᠡ 64 ᠲᠦᠮᠡ | ᠣᠷᠴᠢᠮ ᠳᠤ ᠬᠦᠷᠴᠦ᠂ ᠦᠷᠡᠵᠢᠯ ᠤᠨ ᠬᠤᠨᠢ ᠶᠢ 35 ᠲᠦᠮᠡ ᠣᠷᠴᠢᠮ ᠳᠤ ᠬᠦᠷᠦᠭᠦᠯᠵᠦ᠂ 600 ᠰᠢᠯᠢᠳᠡᠭ | ᠡᠭᠦᠯᠳᠡᠷ ᠤᠨ ᠤᠬᠤᠨ᠎ᠠ ᠣᠷᠣᠭᠤᠯᠤᠨ ᠠᠪᠴᠢᠷᠠᠵᠤ᠂ ᠬᠡᠪᠴᠢᠶᠡᠲᠦ ᠲᠡᠵᠢᠭᠡᠨ ᠦᠷᠡᠵᠢᠭᠦᠯᠬᠦ ᠬᠤᠪᠢ ᠶᠢᠨ ᠵᠢᠩ ᠢ | ᠳᠡᠭᠡᠭᠰᠢᠯᠡᠭᠦᠯᠪᠡ︔ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠵᠤ᠂ | ᠠᠯᠠᠰᠢᠨ ᠬᠤᠨᠢ ᠶᠢ ᠬᠠᠰᠢᠶᠠᠯᠠᠨ ᠲᠡᠵᠢᠭᠡᠬᠦ ᠶᠢ ᠬᠡᠷᠡᠭᠵᠢᠭᠦᠯᠪᠡ︔ ᠠᠮᠢ ᠠᠬᠤᠢ ᠬᠡᠪᠡᠷᠡᠭ ᠣᠷᠣᠨ ᠪᠦᠰᠡ ᠳᠤ | ᠢᠮᠠᠭᠠᠨ ᠤ ᠲᠡᠵᠢᠭᠡᠨ ᠦᠷᠡᠵᠢᠭᠦᠯᠬᠦ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠭᠠᠰᠬᠠᠵᠤ᠂ ᠢᠮᠠᠭ᠎ᠠ ᠲᠡᠵᠢᠭᠡᠨ | ᠦᠷᠡᠵᠢᠭᠦᠯᠬᠦ ᠡᠷᠦᠬᠡ ᠶᠢ ᠵᠣᠷᠢᠭᠵᠢᠭᠤᠯᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠡᠰᠢ ᠬᠤᠪᠢᠷᠠᠭᠤᠯᠤᠨ᠎ᠠ᠃ | ᠭᠤᠷᠪᠠ᠂ ᠪᠣᠳᠠᠲᠠᠶ ᠠᠷᠭ᠎ᠠ ᠬᠡᠮᠵᠢᠶ᠎ᠡ | ︵ᠨᠢᠭᠡ︶ ᠪᠡᠯᠡ ᠮᠥᠩᠭᠦ ᠪᠠᠷ ᠲᠤᠰᠠᠯᠠᠬᠤ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢᠨ ᠲᠥᠯᠥᠭᠡ᠂ 2024 ᠣᠨ ᠳᠤ 1000 ᠲᠦᠮᠡᠨ | ᠲᠥᠭᠦᠷᠢᠭ ᠣᠷᠴᠢᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ | ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ ᠡᠷᠦᠬᠡ ᠶᠢᠨ ᠠᠯᠠᠰᠢᠨ ᠦᠬᠡᠷ ᠤᠨ ᠰᠦᠷᠦᠭ ᠢ | ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠡᠷᠡᠭᠯᠡᠵᠦ᠂ ᠰᠢᠶᠠᠨ ᠤ ᠡᠳ᠋ ᠤᠨ ᠵᠠᠰᠠᠭ ᠠᠴᠠ ᠳᠠᠬᠢᠨ 1000 | ᠲᠦᠮᠡᠨ ᠲᠥᠭᠦᠷᠢᠭ ᠤᠨ ᠡᠩ ᠤᠨ ᠲᠠᠷᠢᠶᠠᠴᠢᠨ ᠡᠷᠦᠬᠡ ᠶᠢᠨ ᠦᠷᠡᠵᠢᠭᠦᠯᠵᠦ ᠳᠡᠶᠢᠯᠬᠦ ᠡᠬᠡ ᠮᠠᠯ ᠤᠨ ᠰᠦᠷᠦᠭ ᠢ | ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠳᠡᠮᠵᠢᠬᠦ ᠳᠤ ᠬᠡᠷᠡᠭᠯᠡᠬᠦ ᠪᠠᠷ ᠲᠣᠬᠢᠷᠠᠭᠤᠯᠪᠠ︔ 230 ᠲᠦᠮᠡᠨ | ᠲᠥᠭᠦᠷᠢᠭ ᠢ ᠠᠯᠠᠰᠢᠨ ᠦᠬᠡᠷ ᠤᠨ ᠢᠴᠡᠭᠡᠯ ᠦᠷ᠎ᠡ ᠶᠢᠨ ᠨᠥᠬᠦᠪᠥᠷᠢ ᠲᠣᠬᠢᠷᠠᠭᠤᠯᠪᠠ᠂ ᠡᠭᠦᠨ ᠳᠤ ᠳᠡᠭᠡᠳᠦ | ᠱᠠᠲᠤᠨ ᠤ ᠲᠤᠰᠬᠠᠶ ᠪᠠᠯᠠ ᠮᠥᠩᠭᠦ 32.5 ᠲᠦᠮᠡᠨ ᠲᠥᠭᠦᠷᠢᠭ᠂ ᠰᠢᠶᠠᠨ ᠤ ᠱᠠᠲᠤᠨ ᠠᠴᠠ 197.5 ᠲᠦᠮᠡᠨ | ᠲᠥᠭᠦᠷᠢᠭ ᠲᠣᠬᠢᠷᠠᠭᠤᠯᠪᠠ︔ 180 ᠲᠦᠮᠡᠨ ᠲᠥᠭᠦᠷᠢᠭ ᠲᠣᠬᠢᠷᠠᠭᠤᠯᠵᠤ ᠰᠠᠶᠢᠨ ᠡᠭᠦᠯᠳᠡᠷ ᠤᠨ ᠪᠡᠯᠡ ᠮᠥᠩᠭᠦ | ᠣᠷᠣᠭᠤᠯᠪᠠ᠂ ᠡᠭᠦᠨ ᠳᠤ ᠲᠤᠰᠬᠠᠶ ᠵᠦᠢᠯ ᠤᠨ ᠪᠡᠯᠡ ᠮᠥᠩᠭᠦ 48 ᠲᠦᠮᠡᠨ ᠲᠥᠭᠦᠷᠢᠭ᠂ ᠰᠢᠶᠠᠨ ᠤ ᠱᠠᠲᠤᠨ ᠳᠤ | 132 ᠲᠦᠮᠡᠨ ᠲᠥᠭᠦᠷᠢᠭ ᠢᠵᠢ ᠪᠦᠷᠢᠳᠦᠭᠦᠯᠪᠡ᠃ ᠡᠭᠦᠨ ᠠᠴᠠ ᠭᠠᠳᠠᠨ᠎ᠠ᠂ ᠳᠡᠭᠡᠳᠦ ᠱᠠᠲᠤᠨ ᠤ ᠬᠥᠬᠡ | ᠳᠠᠷᠤᠰᠢ ᠶᠢᠨ ᠴᠥᠭᠦᠷᠥᠮ ᠤᠨ ᠪᠦᠲᠦᠭᠡᠨ ᠪᠠᠶᠢᠭᠤᠯᠤᠯᠲᠠ᠂ ᠫᠧᠩ ᠰᠠᠷᠠᠪᠴᠢ ᠶᠢᠨ ᠪᠦᠲᠦᠭᠡᠨ ᠪᠠᠶᠢᠭᠤᠯᠤᠯᠲᠠ᠂ | ᠲᠡᠵᠢᠭᠡᠯ ᠡᠪᠡᠰᠦ ᠪᠣᠷᠳᠤᠭ᠎ᠠ ᠵᠡᠷᠭᠡ ᠶᠢᠨ ᠨᠥᠬᠦᠪᠥᠷᠢ ᠶᠢᠨ ᠪᠡᠯᠡ ᠮᠥᠩᠭᠦ ᠶᠢ ᠢᠳᠡᠪᠬᠢᠯᠡᠨ ᠣᠯᠪᠠ᠃ | ︵ᠬᠤᠶᠠᠷ︶ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠬᠡᠮᠵᠢᠶ᠎ᠡ | 1. ᠦᠬᠡᠷ ᠬᠤᠳᠠᠯᠳᠤᠨ ᠠᠪᠬᠤ ᠳᠤ ᠨᠥᠬᠦᠪᠥᠷᠢ ᠥᠭᠬᠦ | ︵1︶ ᠲᠦᠷᠦᠯ ᠵᠦᠢᠯ ᠪᠠ ᠪᠠᠷᠢᠮᠵᠢᠶ᠎ᠠ᠄ 2024 ᠤᠨ ᠳᠤ ᠰᠢᠨ᠎ᠡ ᠪᠠᠷ ᠬᠤᠳᠠᠯᠳᠤᠨ ᠠᠪᠤᠭᠰᠠᠨ | ᠯᠢᠶᠠᠩᠴᠧᠩ ᠰᠢᠶᠠᠨ ᠠᠴᠠ ᠭᠠᠳᠠᠨᠠᠬᠢ ᠦᠷᠡᠵᠢᠯ ᠤᠨ ᠦᠨᠢᠶ᠎ᠡ ᠶᠢᠨ ᠪᠠᠷᠢᠮᠵᠢᠶ᠎ᠠ ᠨᠢ 14 ᠰᠠᠷ᠎ᠠ ᠠᠴᠠ ᠲᠡᠭᠡᠭᠰᠢ᠂ | ᠪᠡᠶ᠎ᠡ ᠶᠢᠨ ᠦᠨᠳᠦᠷ ᠨᠢ 1.2 ᠮᠧᠲᠷ ᠠᠴᠠ ᠲᠡᠭᠡᠭᠰᠢ᠂ ᠪᠡᠶ᠎ᠡ ᠶᠢᠨ ᠬᠦᠨᠳᠦ ᠨᠢ 300 ᠺᠢᠯᠤᠭ᠍ᠷᠠᠮ ᠠᠴᠠ ᠲᠡᠭᠡᠭᠰᠢ᠂ | ᠡᠬᠦᠯᠳᠡᠷ ᠪᠠ ᠠᠩᠭᠧᠰ ︵ᠲᠤᠤᠷᠠᠬᠢ ᠪᠠᠷᠢᠮᠵᠢᠶ᠎ᠠ ᠲᠠᠢ ᠠᠳᠠᠯᠢ ᠪᠠᠶᠢᠳᠠᠭ︶ ᠭᠤᠣᠯ ᠪᠣᠯᠭᠠᠨ᠎ᠠ᠃ | ︵2︶ ᠨᠦᠬᠦᠪᠦᠷᠢ ᠬᠦᠷᠳᠡᠬᠦ ᠡᠲᠡᠭᠡᠳ | ᠨᠢᠭᠡ ᠳᠤ᠂ ᠪᠥᠬᠦ ᠤᠯᠤᠰ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠵᠣᠯᠭᠠᠭᠤᠯᠤᠨ | ᠠᠬᠢᠭᠤᠯᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠡᠳᠡᠭᠡ ᠵᠠᠩᠭᠢ ᠶᠢᠨ ᠰᠢᠰᠲ᠋ᠧᠮ ᠳᠠᠬᠢ ᠲᠡᠵᠢᠭᠡᠨ | ᠦᠷᠡᠵᠢᠭᠦᠯᠬᠦ ᠴᠢᠳᠠᠪᠤᠷᠢ ᠲᠠᠢ ᠵᠢᠴᠢ ᠲᠡᠵᠢᠭᠡᠨ ᠦᠷᠡᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ ᠶᠠᠳᠠᠭᠤ ᠠᠴᠠ | ᠠᠩᠭᠢᠵᠢᠷᠠᠭᠰᠠᠨ ᠡᠷᠦᠬᠡ ᠳᠤ ᠰᠢᠨ᠎ᠡ ᠪᠠᠷ ᠬᠤᠳᠠᠯᠳᠤᠨ ᠣᠷᠣᠭᠤᠯᠤᠭᠰᠠᠨ ᠰᠢᠶᠠᠨ ᠤ ᠭᠠᠳᠠᠨᠠᠬᠢ ᠦᠷᠡᠵᠢᠯ ᠤᠨ | ᠦᠨᠢᠶ᠎ᠡ ᠶᠢ 5000 ᠲᠥᠭᠦᠷᠢᠭ ︵ᠬᠤᠳᠠᠯᠳᠤᠭᠠᠨ ᠤ ᠳᠠᠭᠠᠳᠬᠠᠯ ᠤᠨ ᠨᠥᠬᠦᠪᠥᠷᠢ ᠪᠠᠭᠲᠠᠨ᠎ᠠ︶ ᠲᠤ ᠨᠥᠬᠦᠪᠥᠷᠢ | ᠥᠭᠭᠦᠨ᠎ᠡ᠃ ᠬᠤᠶᠠᠷ ᠲᠤ᠂ ᠲᠡᠵᠢᠭᠡᠨ ᠦᠷᠡᠵᠢᠭᠦᠯᠬᠦ ᠴᠢᠳᠠᠪᠤᠷᠢ ᠲᠠᠢ ᠵᠢᠴᠢ ᠲᠡᠵᠢᠭᠡᠨ ᠦᠷᠡᠵᠢᠭᠦᠯᠬᠦ ᠨᠥᠬᠦᠴᠡᠯ ᠢ | ᠪᠦᠷᠢᠯᠳᠦᠭᠦᠯᠦᠭᠰᠡᠨ ᠬᠢᠨᠠᠨ ᠬᠡᠮᠵᠢᠬᠦ ᠡᠷᠦᠬᠡ ᠳᠤ ᠰᠢᠨ᠎ᠡ ᠪᠠᠷ ᠬᠤᠳᠠᠯᠳᠤᠨ ᠣᠷᠣᠭᠤᠯᠤᠭᠰᠠᠨ ᠰᠢᠶᠠᠨ ᠤ ᠭᠠᠳᠠᠨᠠᠬᠢ | ᠦᠷᠡᠵᠢᠯ ᠤᠨ ᠡᠬᠡ ᠦᠨᠢᠶ᠎ᠡ ᠳᠤ ᠦᠨᠢᠶ᠎ᠡ ᠪᠦᠷᠢ ᠳᠤ 6000 ᠲᠥᠭᠦᠷᠢᠭ ᠤᠨ ᠨᠥᠬᠦᠪᠥᠷᠢ ︵ᠬᠤᠳᠠᠯᠳᠤᠭᠠᠨ ᠤ | ᠳᠠᠭᠠᠳᠬᠠᠯ ᠤᠨ ᠨᠥᠬᠦᠪᠥᠷᠢ ᠪᠠᠭᠲᠠᠨ᠎ᠠ︶᠃ ᠭᠤᠷᠪᠠ ᠳᠤ᠂ ᠲᠡᠵᠢᠭᠡᠨ ᠦᠷᠡᠵᠢᠭᠦᠯᠬᠦ ᠴᠢᠳᠠᠪᠤᠷᠢ ᠲᠠᠢ ᠵᠢᠴᠢ | ᠲᠡᠵᠢᠭᠡᠨ ᠦᠷᠡᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ ᠡᠩ ᠤᠨ ᠲᠠᠷᠢᠶᠠᠴᠢᠨ ᠡᠷᠦᠬᠡ ︵ᠠᠯᠪᠠᠨ ᠲᠤᠰᠢᠶᠠᠯᠲᠠᠨ | ᠪᠠ ᠺᠣᠮᠫᠠᠨᠢ ᠶᠢᠨ ᠬᠤᠪᠢ ᠣᠷᠣᠭᠤᠯᠤᠭᠴᠢ ᠪᠠᠭᠲᠠᠬᠤ ᠥᠬᠡᠶ︶᠂ ᠰᠢᠨ᠎ᠡ ᠪᠠᠷ ᠬᠤᠳᠠᠯᠳᠤᠨ ᠠᠪᠤᠭᠰᠠᠨ ᠰᠢᠶᠠᠨ ᠤ | ᠭᠠᠳᠠᠨᠠᠬᠢ ᠦᠷᠡᠵᠢᠯ ᠤᠨ ᠡᠬᠡ ᠦᠨᠢᠶ᠎ᠡ ᠳᠤ᠂ ᠦᠨᠢᠶ᠎ᠡ ᠪᠦᠷᠢ ᠳᠤ 2000 ᠲᠥᠭᠦᠷᠢᠭ ︵ᠬᠤᠳᠠᠯᠳᠤᠭᠠᠨ ᠤ | ᠳᠠᠭᠠᠳᠬᠠᠯ ᠤᠨ ᠨᠥᠬᠦᠪᠥᠷᠢ ᠪᠠᠭᠲᠠᠨ᠎ᠠ︶ ᠨᠥᠬᠦᠪᠥᠷᠢᠯᠡᠨ᠎ᠡ᠃ ᠳᠥᠷᠪᠡ ᠳᠤ ᠰᠢᠶᠠᠨ ᠤ ᠳᠣᠲᠣᠷᠠᠬᠢ 100 | ᠲᠣᠯᠣᠭᠠᠶ ᠠᠴᠠ ᠳᠡᠭᠡᠭᠰᠢᠬᠢ ᠢᠮᠠᠭ᠎ᠠ ᠲᠡᠵᠢᠭᠡᠨ ᠦᠷᠡᠵᠢᠭᠦᠯᠬᠦ ᠡᠷᠦᠬᠡ ᠳᠤ᠂ ᠬᠡᠷᠪᠡ ᠨᠢᠭᠡ ᠯᠡ ᠤᠳᠠᠭ᠎ᠠ ᠶᠢᠨ | ᠴᠢᠨᠠᠷᠲᠠᠶ ᠪᠠᠷ ᠰᠢᠶ᠋ᠳᠪᠦᠷᠢᠯᠡᠬᠦ ᠢᠮᠠᠭ᠎ᠠ ᠶᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠣᠯᠭᠠᠨ ᠥᠭᠡᠷᠡᠴᠢᠯᠡᠵᠦ᠂ | ᠨᠢᠭᠡ ᠦᠬᠡᠷ ᠬᠤᠳᠠᠯᠳᠤᠨ ᠠᠪᠬᠤ ᠪᠦᠷᠢ ᠳᠤ 2000 ᠲᠥᠭᠦᠷᠢᠭ ᠤᠨ ᠨᠥᠬᠦᠪᠥᠷᠢ ᠥᠭᠴᠦ᠂ ᠡᠷᠦᠬᠡ ᠪᠦᠷᠢ ᠳᠤ | ᠬᠠᠮᠤᠭ ᠤᠨ ᠥᠨᠳᠥᠷ ᠨᠥᠬᠦᠪᠥᠷᠢ ᠥᠭᠬᠦ ᠳᠡᠭᠡᠷ᠎ᠡ ᠬᠢᠵᠠᠭᠠᠷ ᠨᠢ 10 ᠦᠬᠡᠷ ︵ᠲᠣᠰ ᠵᠦᠢᠯ ᠤᠨ ᠨᠥᠬᠦᠪᠥᠷᠢ | ᠣᠯᠭᠤᠬᠤ ᠡᠲᠡᠭᠡᠳ ᠲᠤ ᠳᠡᠭᠡᠷ᠎ᠡ ᠳᠤᠷᠠᠳᠤᠭᠰᠠᠨ ᠭᠤᠷᠪᠠᠨ ᠵᠦᠢᠯ ᠤᠨ ᠨᠥᠬᠦᠪᠥᠷᠢ ᠥᠭᠬᠦ ᠡᠲᠡᠭᠡᠳ ᠲᠤ | ᠬᠢᠵᠠᠭᠠᠷᠯᠠᠭᠳᠠᠬᠤ ᠦᠭᠡᠶ︶᠃ | ︵3︶ ᠰᠢᠶᠠᠩ ᠪᠠᠯᠭᠠᠰᠤᠨ ᠤ ᠭᠠᠴᠠᠭ᠎ᠠ ᠲᠣᠰᠬᠤᠨ ᠤ ᠵᠥᠪᠯᠡᠯ ᠲᠠᠷᠢᠶᠠᠴᠢᠨ ᠡᠷᠦᠬᠡ ᠶᠢ ᠵᠣᠬᠢᠶᠠᠨ | ᠪᠠᠶᠢᠭᠤᠯᠤᠨ ᠨᠢᠭᠡᠳᠦᠯᠲᠡᠶ ᠬᠤᠳᠠᠯᠳᠤᠨ ᠠᠪᠬᠤ ᠪᠤᠶᠤ ᠦᠬᠡᠷ ᠬᠤᠳᠠᠯᠳᠤᠨ ᠠᠪᠬᠤ ᠠᠷᠭ᠎ᠠ ᠮᠠᠶ᠋ᠢᠭ ᠢ ᠠᠪᠴᠤ᠂ | ᠤᠷᠢᠳᠠᠪᠠᠷ ᠬᠤᠳᠠᠯᠳᠤᠨ ᠠᠪᠴᠤ ᠳᠠᠷᠠᠭ᠎ᠠ ᠨᠢ ᠨᠥᠬᠦᠪᠥᠷᠢᠯᠡᠬᠦ ᠮᠥᠷᠲᠡᠭᠡᠨ ᠡᠷᠬᠡᠪᠰᠢ ᠬᠠᠰᠢᠶᠠᠯᠠᠨ ᠲᠡᠵᠢᠭᠡᠬᠦ ᠠᠷᠭ᠎ᠠ | ᠮᠠᠶ᠋ᠢᠭ ᠢ ᠠᠪᠴᠤ᠂ ᠲᠣᠰᠬᠤᠨ ᠤ ᠠᠷᠠᠳ ᠤᠨ ᠭᠤᠶᠤᠴᠢᠯᠠᠯ ᠢᠶᠠᠷ ᠭᠠᠴᠠᠭᠠᠨ ᠤ ᠠᠷᠠᠳ ᠤᠨ ᠵᠥᠪᠯᠡᠯ ᠢᠶᠠᠷ ᠠᠩᠬ᠎ᠠ | ᠰᠢᠯᠭᠠᠨ ᠪᠠᠶᠢᠴᠠᠭᠠᠯᠲᠠ ︵ᠦᠬᠡᠷ ᠬᠤᠳᠠᠯᠳᠤᠨ ᠠᠪᠬᠤ ᠭᠡᠷ᠎ᠡ ᠶᠢᠨ ᠡᠭᠡᠯᠢᠯᠡᠭᠡ ᠶᠢᠨ ᠦᠨᠡᠮᠯᠡᠯ᠂ ᠳᠠᠭᠠᠳᠬᠠᠯ ᠤᠨ | ᠺᠣᠮᠫᠠᠨᠢ ᠳᠠᠭᠠᠳᠬᠠᠯ ᠤᠨ ᠬᠠᠭᠤᠳᠠᠰᠤᠨ ᠳᠤ ᠣᠷᠣᠬᠤ ᠭᠡᠷᠡᠴᠢ᠂ ᠴᠢᠬᠢᠨ ᠲᠡᠮᠳᠡᠭ᠂ ᠲᠠᠷᠢᠶᠠᠴᠢᠨ ᠡᠷᠦᠬᠡ ᠬᠢᠭᠡᠳ | ᠦᠬᠡᠷ ᠬᠤᠳᠠᠯᠳᠤᠨ ᠠᠪᠬᠤ ᠭᠡᠷᠡᠯ ᠵᠢᠷᠤᠭ᠂ ᠲᠣᠰᠬᠤᠨ ᠤ ᠠᠷᠠᠳ ᠤᠨ ᠵᠥᠪᠯᠡᠯ ᠨᠢᠭᠡ ᠡᠷᠦᠬᠡ ᠳᠤ ᠨᠢᠭᠡ ᠲᠠᠩᠰᠠ | ᠡᠪᠬᠡᠮᠡᠯ ᠢ ᠦᠯᠡᠳᠡᠭᠡᠨ ᠬᠠᠳᠠᠭᠠᠯᠠᠨ᠎ᠠ︶ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠮᠲᠤᠷᠠᠨ ᠪᠥᠬᠦ ᠲᠠᠯ᠎ᠠ ᠪᠠᠷ ᠰᠢᠯᠭᠠᠨ ᠠᠪᠴᠤ᠂ | ᠬᠢᠷᠢ ᠲᠡᠩᠴᠡᠭᠰᠡᠨ ᠤ ᠳᠠᠷᠠᠭ᠎ᠠ ᠨᠥᠬᠦᠪᠥᠷᠢ ᠶᠢᠨ ᠪᠠᠯᠠ ᠮᠥᠩᠭᠦ ᠣᠯᠭᠤᠨ᠎ᠠ᠃ | ︵4︶ ᠪᠤᠰᠤᠳ ᠱᠠᠭᠠᠷᠳᠠᠯᠭ᠎ᠠ᠄ 2022 - 2023 ᠣᠨ ᠤ ᠬᠤᠭᠤᠴᠠᠭᠠᠨ ᠳᠤ ᠭᠠᠳᠠᠨ᠎ᠠ ᠠᠴᠠ | ᠬᠤᠳᠠᠯᠳᠤᠨ ᠠᠪᠬᠤ ᠴᠢᠳᠠᠪᠤᠷᠢ ᠲᠠᠢ ᠡᠬᠡ ᠮᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠭᠥᠷᠳᠡᠵᠦ | ᠥᠩᠭᠡᠷᠡᠭᠰᠡᠨ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠪᠠ ᠡᠩ ᠤᠨ ᠡᠷᠦᠬᠡ ᠶᠢ ᠬᠠᠷᠢᠶ᠎ᠠ | ᠰᠢᠶᠠᠩ ᠪᠠᠯᠭᠠᠰᠤ ᠪᠠᠷ ᠨᠤᠲᠠᠯᠠᠭᠤᠯᠤᠭᠰᠠᠨ ᠤ ᠳᠠᠷᠠᠭ᠎ᠠ᠂ 2024 ᠣᠨ ᠳᠤ ᠬᠠᠮᠤᠭ ᠤᠨ ᠥᠨᠳᠥᠷ ᠲᠤ ᠪᠠᠨ 1 | ᠦᠬᠡᠷ ᠬᠤᠳᠠᠯᠳᠤᠨ ᠠᠪᠬᠤ ᠨᠥᠬᠦᠪᠥᠷᠢ ᠭᠥᠷᠳᠡᠵᠦ᠂ ᠲᠣᠰ ᠲᠥᠷᠥ ᠶᠢᠨ ᠪᠣᠳᠣᠯᠭ᠎ᠠ ᠶᠢ ᠭᠥᠷᠳᠡᠭᠰᠡᠨ ᠥᠬᠡᠶ ᠪᠣᠯ | ᠬᠠᠮᠤᠭ ᠤᠨ ᠥᠨᠳᠥᠷ ᠲᠡᠭᠡᠨ 3 ᠬᠤᠳᠠᠯᠳᠤᠨ ᠠᠪᠴᠤ ᠪᠣᠯᠤᠨ᠎ᠠ︔ ᠡᠩ ᠤᠨ ᠡᠷᠦᠬᠡ ᠨᠢ ᠯᠢᠶᠠᠩᠴᠧᠩ ᠰᠢᠶᠠᠨ ᠤ | ᠬᠥᠳᠡᠭᠡ ᠲᠣᠰᠬᠤᠨ ᠤ ᠡᠷᠦᠬᠡ ᠶᠢᠨ ᠬᠠᠷᠢᠶ᠎ᠠ ᠲᠠᠢ ᠪᠥᠭᠡᠳ ᠲᠣᠰᠬᠤᠨ ᠳᠤ ᠨᠢᠭᠡ ᠵᠢᠯ ᠠᠴᠠ ᠳᠡᠭᠡᠭᠰᠢ ᠰᠠᠭᠤᠵᠤ | ᠪᠠᠶᠢᠬᠤ ᠪᠠᠷ ᠬᠢᠵᠠᠭᠠᠷᠯᠠᠵᠤ᠂ ᠲᠣᠰᠬᠤᠨ ᠤ ᠠᠷᠠᠳ ᠤᠨ ᠵᠥᠪᠯᠡᠯ᠂ ᠰᠢᠶᠠᠩ ᠪᠠᠯᠭᠠᠰᠤᠨ ᠤ ᠵᠠᠰᠠᠭ ᠤᠨ | ᠣᠷᠳᠣᠨ ᠠᠴᠠ ᠨᠤᠲᠠᠯᠠᠨ ᠲᠣᠭᠲᠠᠭᠠᠨ᠎ᠠ᠃ ᠭᠠᠳᠠᠨ᠎ᠠ ᠠᠴᠠ ᠬᠤᠳᠠᠯᠳᠤᠨ ᠠᠪᠤᠭᠰᠠᠨ ᠠᠯᠠᠰᠢᠨ ᠦᠬᠡᠷ ᠲᠡᠵᠢᠭᠡᠨ | ᠦᠷᠡᠵᠢᠭᠦᠯᠬᠦ ᠱᠠᠭᠠᠷᠳᠠᠯᠭ᠎ᠠ ᠨᠢ ᠨᠢᠭᠡ ᠵᠢᠯ ᠠᠴᠠ ᠳᠡᠭᠡᠭᠰᠢ ᠪᠣᠯᠵᠤ᠂ ᠲᠤᠭᠤᠯ ᠢᠶᠠᠨ ᠬᠥᠩᠭᠡᠵᠢᠭᠦᠯᠦᠭᠰᠡᠨ ᠤ ᠳᠠᠷᠠᠭ᠎ᠠ | ᠰᠠᠶ᠋ᠢ ᠬᠤᠳᠠᠯᠳᠤᠵᠤ ᠪᠣᠯᠤᠨ᠎ᠠ᠃ ᠡᠭᠦᠨ ᠠᠴᠠ ᠡᠮᠦᠨ᠎ᠡ᠂ ᠲᠥᠷᠥ ᠶᠢᠨ ᠪᠣᠳᠣᠯᠭ᠎ᠠ ᠶᠢ ᠬᠦᠷᠲᠡᠵᠦ ᠥᠩᠭᠡᠷᠡᠭᠰᠡᠨ | ᠪᠠᠶᠢᠲᠠᠯ᠎ᠠ ᠨᠢᠭᠡ ᠵᠢᠯ ᠡᠬᠡ ᠮᠠᠯ ᠢᠶᠠᠨ ᠬᠤᠳᠠᠯᠳᠤᠭᠰᠠᠨ ᠪᠣᠯ ᠪᠡᠯᠡ ᠮᠥᠩᠭᠦ ᠮᠡᠬᠡᠯᠡᠨ ᠠᠪᠤᠭᠰᠠᠨ ᠰᠡᠵᠢᠭᠯᠡᠯᠲᠡᠶ | ᠪᠠᠶᠢᠪᠠᠯ᠂ ᠳᠡᠮᠵᠢᠬᠦ ᠦᠭᠡᠶ᠃ | 2. ᠠᠯᠠᠰᠢᠨ ᠦᠬᠡᠷ ᠤᠨ ᠢᠴᠡᠭᠡᠯ ᠦᠷ᠎ᠡ ᠶᠢᠨ ᠨᠥᠬᠦᠪᠥᠷᠢ᠄ ᠳᠡᠭᠡᠳᠦ ᠱᠠᠲᠤᠨ ᠤ ᠠᠯᠠᠰᠢᠨ ᠦᠬᠡᠷ ᠤᠨ | ᠢᠴᠡᠭᠡᠯ ᠦᠷ᠎ᠡ ᠶᠢᠨ ᠨᠥᠬᠦᠪᠥᠷᠢ ᠶᠢᠨ ᠪᠠᠯᠠ ᠮᠥᠩᠭᠦ ᠶᠢ ᠢᠳᠡᠪᠬᠢᠯᠡᠨ ᠣᠯᠵᠤ᠂ ᠰᠠᠶᠢᠨ ᠡᠭᠦᠯᠳᠡᠷ ᠤᠨ ᠠᠯᠠᠰᠢᠨ | ᠦᠬᠡᠷ ᠤᠨ ᠢᠴᠡᠭᠡᠯ ᠦᠷ᠎ᠡ ᠶᠢᠨ ᠨᠥᠬᠦᠪᠥᠷᠢ ᠬᠤᠳᠠᠯᠳᠤᠨ ᠠᠪᠬᠤ ᠳᠤ ᠨᠥᠬᠦᠪᠥᠷᠢ ᠥᠭᠴᠦ᠂ ᠦᠷᠡᠵᠢᠬᠦ | ᠴᠢᠳᠠᠪᠤᠷᠢ ᠲᠠᠢ ᠦᠨᠢᠶ᠎ᠡ ᠳᠤ 60 ᠲᠥᠭᠦᠷᠢᠭ ᠤᠨ ᠢᠴᠡᠭᠡᠯ ᠦᠷ᠎ᠡ ᠶᠢᠨ ᠨᠥᠬᠦᠪᠥᠷᠢ ᠣᠯᠭᠤᠨ᠎ᠠ᠃ | 3. ᠬᠠᠰᠢᠶ᠎ᠠ ᠰᠠᠷᠠᠪᠴᠢ᠂ ᠲᠡᠵᠢᠭᠡᠯ ᠡᠪᠡᠰᠦ ᠪᠣᠷᠳᠤᠭ᠎ᠠ᠂ ᠬᠥᠬᠡ ᠳᠠᠷᠤᠰᠢ ᠶᠢᠨ ᠴᠥᠭᠦᠷᠥᠮ᠂ ᠲᠠᠷᠢᠶᠠᠯᠠᠩ ᠤᠨ | ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠶᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠢᠶᠠᠷ | ᠬᠡᠷᠡᠭᠵᠢᠭᠦᠯᠦᠨ᠎ᠡ᠃ | ︵ᠭᠤᠷᠪᠠ︶ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠬᠡᠮᠵᠢᠶ᠎ᠡ | 1. ᠬᠤᠴᠠ ᠣᠷᠣᠭᠤᠯᠤᠨ ᠠᠪᠴᠢᠷᠠᠭᠰᠠᠨ ᠨᠥᠬᠦᠪᠥᠷᠢ | ︵︵1︶ ᠲᠥᠷᠥᠯ ᠪᠠ ᠪᠠᠷᠢᠮᠵᠢᠶ᠎ᠠ᠄ 2024 ᠣᠨ ᠳᠤ ᠰᠢᠨ᠎ᠡ ᠪᠠᠷ ᠣᠷᠣᠭᠤᠯᠤᠭᠰᠠᠨ ᠬᠤᠴᠠ ᠬᠤᠴᠠ ︽ | ᠭᠤᠷᠪᠠᠨ ᠦᠨᠡᠮᠯᠡᠯ ᠨᠢᠭᠡ ᠨᠣᠮ︾ ︵ᠬᠤᠴᠠ ᠡᠵᠡᠩᠨᠡᠬᠦ ᠵᠥᠪᠰᠢᠶᠡᠷᠡᠯ ᠤᠨ ᠦᠨᠡᠮᠯᠡᠯ᠂ ᠬᠤᠴᠠ ᠶᠢᠨ ᠬᠢᠷᠢ | ᠲᠡᠩᠴᠡᠭᠰᠡᠨ ᠦᠨᠡᠮᠯᠡᠯ᠂ ᠬᠤᠴᠠ ᠬᠤᠨᠢᠨ ᠤ ᠬᠢᠷᠢ ᠲᠡᠩᠴᠡᠭᠰᠡᠨ ᠦᠨᠡᠮᠯᠡᠯ᠂ ᠡᠭᠦᠯᠳᠡᠷ ᠤᠨ ᠬᠤᠨᠢᠨ ᠤ ᠤᠳᠤᠮ︶ | ᠲᠠᠢ ᠪᠠᠶᠢᠬᠤ ᠶᠢ ᠱᠠᠭᠠᠷᠳᠠᠨ᠎ᠠ᠂ ᠪᠠᠷᠢᠮᠵᠢᠶ᠎ᠠ ᠨᠢ 12 ᠰᠠᠷ᠎ᠠ ᠠᠴᠠ ᠳᠡᠭᠡᠭᠰᠢ᠂ ᠪᠡᠶ᠎ᠡ ᠶᠢᠨ ᠬᠦᠨᠳᠦ ᠨᠢ 60 | ᠺᠢᠯᠣᠭ᠍ᠷᠠᠮ ᠣᠷᠴᠢᠮ ᠪᠠᠶᠢᠵᠤ᠂ ᠡᠭᠦᠯᠳᠡᠷ ᠨᠢ ᠳ᠋ᠦ᠋ ᠮᠧᠩ ᠬᠤᠴᠠ᠂ ᠵᠡᠭᠦᠨ ᠹᠷᠢᠰᠧᠨ ᠬᠢᠭᠡᠳ ᠮᠣᠩᠭᠤᠯ ᠡᠭᠦᠯᠳᠡᠷ ᠤᠨ | ᠬᠤᠴᠠ ︵ᠳᠣᠷᠣᠭᠰᠢ ᠠᠳᠠᠯᠢ︶ ᠶᠢ ᠵᠢᠭᠠᠨ᠎ᠠ︶ ︽ᠵᠠ︾ ᠭᠡᠳ | ︵2︶ ᠨᠥᠬᠦᠪᠥᠷᠢ ᠥᠭᠬᠦ ᠡᠲᠡᠭᠡᠳ᠄ ᠵᠠᠷᠴᠢᠮ ᠳᠡᠭᠡᠷ᠎ᠡ ᠪᠠᠨ ᠰᠠᠭᠤᠷᠢ ᠡᠮ᠎ᠡ ᠬᠤᠨᠢ 50 ᠲᠣᠯᠣᠭᠠᠶ ᠠᠴᠠ | ᠳᠡᠭᠡᠭᠰᠢ ᠲᠡᠵᠢᠭᠡᠨ ᠦᠷᠡᠵᠢᠭᠦᠯᠬᠦ ᠡᠷᠦᠬᠡ ᠨᠢᠭᠡ ᠬᠤᠴᠠ ᠬᠤᠳᠠᠯᠳᠤᠨ ᠠᠪᠬᠤ ᠨᠥᠬᠦᠪᠥᠷᠢ ᠣᠯᠭᠤᠵᠤ᠂ ᠡᠷᠦᠬᠡ | ᠪᠦᠷᠢ ᠳᠤ ᠬᠠᠮᠤᠭ ᠤᠨ ᠠᠷᠪᠢᠨ ᠳᠠᠭᠠᠨ 2 ᠬᠤᠴᠠ ᠨᠥᠬᠦᠪᠥᠷᠢᠯᠡᠨ᠎ᠡ᠃ | ︵3︶ ᠣᠷᠣᠭᠤᠯᠤᠨ ᠠᠪᠴᠢᠷᠠᠬᠤ ᠠᠷᠭ᠎ᠠ ᠮᠠᠶ᠋ᠢᠭ᠄ ᠰᠢᠶᠠᠩ ᠪᠠᠯᠭᠠᠰᠤ ᠲᠠᠷᠢᠶᠠᠴᠢᠨ ᠡᠷᠦᠬᠡ ᠶᠢ ᠵᠣᠬᠢᠶᠠᠨ | ᠪᠠᠶᠢᠭᠤᠯᠤᠨ ᠨᠢᠭᠡᠳᠦᠯᠲᠡᠶ ᠬᠤᠨᠢ ᠬᠤᠳᠠᠯᠳᠤᠨ ᠠᠪᠬᠤ ᠪᠤᠶᠤ ᠥᠪᠡᠰᠦᠪᠡᠨ ᠬᠤᠨᠢ ᠬᠤᠳᠠᠯᠳᠤᠨ ᠠᠪᠬᠤ ᠠᠷᠭ᠎ᠠ | ᠮᠠᠶ᠋ᠢᠭ ᠢ ᠠᠪᠴᠤ᠂ ᠤᠷᠢᠳᠠᠪᠠᠷ ᠬᠤᠳᠠᠯᠳᠤᠨ ᠠᠪᠴᠤ ᠳᠠᠷᠠᠭ᠎ᠠ ᠨᠢ ᠨᠥᠬᠦᠪᠥᠷᠢᠯᠡᠨ᠂ 2024 ᠣᠨ ᠳᠤ 600 | ᠬᠤᠴᠠ ᠣᠷᠣᠭᠤᠯᠤᠨ ᠠᠪᠴᠢᠷᠠᠵᠤ᠂ ᠨᠢᠭᠡ ᠪᠦᠷᠢ ᠳᠤ 3000 ᠲᠥᠭᠦᠷᠢᠭ ᠤᠨ ᠨᠥᠬᠦᠪᠥᠷᠢ ᠣᠯᠭᠤᠬᠤ ᠪᠠᠷ | ᠲᠥᠯᠥᠪᠯᠡᠵᠦ ᠪᠠᠶᠢᠨ᠎ᠠ᠃ | ︵4︶ ᠪᠤᠰᠤᠳ ᠱᠠᠭᠠᠷᠳᠠᠯᠭ᠎ᠠ᠄ ᠲᠣᠰᠬᠤᠨ ᠤ ᠵᠥᠪᠯᠡᠯ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠠᠴᠠ | ᠨᠥᠬᠦᠴᠡᠯ ᠳᠤ ᠨᠡᠶᠢᠴᠡᠬᠦ ᠠᠯᠠᠰᠢᠨ ᠬᠤᠨᠢ ᠲᠡᠵᠢᠭᠡᠨ ᠦᠷᠡᠵᠢᠭᠦᠯᠬᠦ ᠡᠷᠦᠬᠡ ᠶᠢ ᠨᠤᠲᠠᠯᠠᠵᠤ᠂ ᠬᠤᠴᠠ ᠶᠢᠨ | ᠨᠥᠬᠦᠪᠥᠷᠢ ᠶᠢ ᠤᠷᠢᠳᠠᠪᠠᠷ ᠨᠡᠷ᠎ᠡ ᠮᠡᠳᠡᠭᠦᠯᠪᠡᠯ ᠤᠷᠢᠳᠠᠪᠠᠷ ᠨᠥᠬᠦᠪᠥᠷᠢ ᠣᠯᠭᠤᠨ᠎ᠠ᠃ ᠦᠬᠡᠷ ᠬᠤᠳᠠᠯᠳᠤᠨ ᠠᠪᠬᠤ | ᠨᠥᠬᠦᠪᠦᠷᠢ ᠬᠦᠷᠲᠡᠬᠦ ᠲᠠᠷᠢᠶᠠᠴᠢᠨ ᠡᠷᠦᠬᠡ ᠪᠦᠬᠦᠨ ᠰᠠᠶᠢᠨ ᠡᠭᠦᠯᠳᠡᠷ ᠤᠨ ᠮᠠᠯ ᠬᠤᠳᠠᠯᠳᠤᠨ ᠠᠪᠬᠤ ᠨᠥᠬᠦᠪᠦᠷᠢ | ᠣᠯᠭᠤᠬᠤ ᠦᠭᠡᠢ᠃ | 2. ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠭᠠᠷᠴᠠᠭ ᠲᠤ ᠬᠤᠯᠪᠣᠭᠳᠠᠬᠤ ᠲᠠᠷᠢᠶᠠᠯᠠᠩ ᠤᠨ ᠮᠠᠰᠢᠨ | ᠪᠠᠭᠠᠵᠢ ᠲᠥᠬᠦᠭᠡᠷᠦᠮᠵᠢ ᠶᠢ ᠬᠤᠳᠠᠯᠳᠤᠨ ᠠᠪᠬᠤ ᠳᠤ ᠤᠷᠢᠳᠠᠪᠠᠷ ᠨᠥᠬᠦᠪᠥᠷᠢ ᠥᠭᠭᠦᠨ᠎ᠡ᠃ | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠠᠯᠠᠰᠢᠨ ᠦᠬᠡᠷ᠂ ᠠᠯᠠᠰᠢᠨ ᠬᠤᠨᠢᠨ ᠤ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠰᠢᠶᠠᠨ ᠢ | ᠠᠮᠵᠢᠯᠲᠠ ᠲᠠᠢ ᠪᠠᠷ ᠪᠣᠶ ᠪᠣᠯᠭᠠᠬᠤ ᠶᠢ ᠦᠨᠡᠨ ᠬᠦ ᠪᠠᠲᠤᠯᠠᠵᠤ᠂ ᠬᠢᠨᠠᠨ ᠵᠢᠯᠣᠭᠤᠳᠴᠤ ᠪᠠᠶᠢᠴᠠᠭᠠᠬᠤ ᠶᠢ | ᠪᠦᠲᠦᠮᠵᠢᠲᠡᠶ ᠴᠢᠩᠭᠠᠳᠬᠠᠵᠤ᠂ ᠠᠯᠠᠰᠢᠨ ᠦᠬᠡᠷ᠂ ᠠᠯᠠᠰᠢᠨ ᠬᠤᠨᠢᠨ ᠤ ᠠᠵᠤ ᠦᠢᠯᠡᠰ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠵᠣᠬᠢᠴᠠᠭᠤᠯᠤᠨ ᠲᠣᠬᠢᠷᠠᠭᠤᠯᠵᠤ ᠠᠬᠢᠭᠤᠯᠬᠤ ᠶᠢᠨ ᠲᠥᠯᠥᠭᠡ᠂ ᠰᠢᠶᠠᠨ ᠤ ᠨᠠᠮ ᠤᠨ | ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ | ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠳᠡᠳ᠋ ᠳᠠᠷᠤᠭ᠎ᠠ ᠪᠠᠷ | ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠡᠯ᠎ᠡ ᠰᠢᠶᠠᠩ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ | ᠵᠦᠢᠯ ᠤᠨ ᠠᠵᠢᠯ ᠢ ᠵᠣᠬᠢᠴᠠᠭᠤᠯᠤᠨ ᠠᠬᠢᠭᠤᠯᠤᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠦᠢᠯᠡᠴᠢᠯᠡᠭᠡᠨ ᠤ ᠵᠢᠯᠤᠭᠤᠳᠤᠯᠭ᠎ᠠ ᠶᠢ ᠴᠢᠩᠭᠠᠳᠬᠠᠬᠤ | ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠮᠡᠷᠭᠡᠵᠢᠯ ᠤᠨ | ᠵᠢᠯᠣᠭᠤᠳᠣᠯᠭ᠎ᠠ ᠪᠠᠨ ᠴᠢᠩᠭᠠᠳᠬᠠᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ | ᠲᠤᠰᠬᠠᠶ ᠮᠡᠷᠭᠡᠵᠢᠯᠲᠡᠨ ᠫᠷᠤᠹᠧᠰᠰᠤᠷ ᠢ ᠤᠷᠢᠬᠤ᠂ ᠨᠠᠷᠠᠲᠤ ᠳᠡᠭᠡᠳᠦ ᠰᠤᠷᠭᠠᠭᠤᠯᠢ ᠲᠠᠢ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠯᠠᠰᠢᠨ ᠦᠬᠡᠷ᠂ ᠠᠯᠠᠰᠢᠨ | ᠬᠤᠨᠢᠨ ᠤ ᠠᠵᠤ ᠦᠢᠯᠡᠰ ᠤᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠵᠢᠯ ᠪᠦᠷᠢ | ᠲᠤᠰ ᠭᠠᠵᠠᠷ ᠤᠨ ᠴᠢᠳᠠᠪᠤᠷᠢᠲᠠᠨ ᠢ 500 ᠬᠥᠮᠦᠨ ᠤᠳᠠᠭ᠎ᠠ ᠠᠴᠠ ᠳᠤᠲᠠᠭᠤ ᠦᠭᠡᠶ ᠪᠣᠯᠪᠠᠰᠤᠷᠠᠭᠤᠯᠵᠤ᠂ | ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠪᠣᠯᠪᠠᠰᠤᠷᠠᠭᠤᠯᠤᠯ ᠤᠨ ᠪᠦᠷᠬᠦᠴᠡ ᠶᠢᠨ ᠨᠣᠷᠮ᠎ᠠ ᠶᠢ 100% ᠳᠤ | ᠬᠦᠷᠦᠭᠦᠯᠬᠦ ᠬᠡᠷᠡᠭᠲᠡᠶ᠃ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠦᠢᠯᠡᠳᠪᠦᠷᠢᠯᠡᠬᠦ ᠮᠡᠷᠭᠡᠵᠢᠯ᠂ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠣᠯᠭ᠎ᠠ ᠶᠢ ᠢᠳᠡᠪᠬᠢᠲᠡᠶ ᠥᠷᠨᠢᠭᠦᠯᠵᠦ | ᠂ ᠦᠢᠯᠡᠳᠪᠦᠷᠢᠯᠡᠯ ᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃ | | ︵ᠬᠤᠶᠠᠷ︶ ᠲᠤᠰᠭᠠᠢᠵᠢᠭᠰᠠᠨ ᠲᠡᠵᠢᠭᠡᠨ ᠦᠷᠡᠵᠢᠭᠦᠯᠬᠦ ᠠᠬᠢᠴᠠ ᠶᠢ ᠲᠦᠯᠬᠢᠨ ᠠᠬᠢᠭᠤᠯᠤᠨ᠎ᠠ | ᠦᠢᠯᠡᠳᠪᠦᠷᠢᠯᠡᠯ ᠤᠨ ᠴᠢᠳᠠᠪᠤᠷᠢ ᠲᠠᠢ ᠠᠵᠤ ᠠᠬᠤᠶᠢᠯᠠᠯ ᠢ ᠵᠣᠷᠢᠭᠵᠢᠭᠤᠯᠵᠤ᠂ ᠭᠠᠳᠠᠨ᠎ᠠ ᠠᠴᠠ ᠴᠡᠪᠡᠷ | ᠡᠭᠦᠯᠳᠡᠷ ᠤᠨ ᠡᠬᠡ ᠮᠠᠯ᠂ ᠬᠤᠴᠠ ᠬᠤᠳᠠᠯᠳᠤᠨ ᠠᠪᠴᠤ᠂ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠶᠢ | ᠳᠠᠶᠢᠴᠢᠯᠠᠨ ᠴᠢᠨᠠᠷ ᠰᠠᠶᠢᠲᠠᠶ ᠲᠡᠵᠢᠭᠡᠨ ᠦᠷᠡᠵᠢᠭᠦᠯᠦᠨ᠎ᠡ᠃ ᠲᠤᠰᠬᠠᠶ ᠲᠡᠵᠢᠭᠡᠨ ᠦᠷᠡᠵᠢᠭᠦᠯᠬᠦ ᠲᠣᠮᠣ ᠡᠷᠦᠬᠡ ᠪᠠ | ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠪᠤᠶᠢᠵᠢᠭᠤᠯᠬᠤ ᠶᠢ ᠴᠢᠩᠭᠠᠳᠬᠠᠵᠤ᠂ ᠲᠤᠰᠬᠠᠶ ᠲᠣᠮᠣ ᠡᠷᠦᠬᠡ᠂ ᠬᠡᠷ | ᠪᠦᠯᠢ ᠶᠢᠨ ᠮᠠᠯᠵᠢᠯ ᠤᠨ ᠲᠠᠯᠠᠪᠠᠶ ᠪᠠ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢᠨ ᠬᠤᠷᠰᠢᠶ᠎ᠠ ᠶᠢᠨ | ᠥᠪᠡᠷ ᠢᠶᠠᠨ ᠦᠷᠡᠵᠢᠭᠦᠯᠵᠦ ᠥᠪᠡᠷ ᠢᠶᠠᠨ ᠪᠤᠶᠢᠵᠢᠭᠤᠯᠬᠤ᠂ ᠬᠠᠰᠢᠶᠠᠯᠠᠨ ᠲᠡᠵᠢᠭᠡᠵᠦ ᠪᠣᠷᠳᠣᠬᠤ ᠶᠢ ᠵᠣᠷᠢᠭᠵᠢᠭᠤᠯᠵᠤ | ᠂ ᠲᠡᠵᠢᠭᠡᠨ ᠦᠷᠡᠵᠢᠭᠦᠯᠬᠦ ᠬᠢᠷᠢ ᠲᠦᠪᠰᠢᠨ ᠪᠠ ᠠᠯᠠᠰᠢᠨ ᠦᠬᠡᠷ᠂ ᠠᠯᠠᠰᠢᠨ ᠬᠤᠨᠢᠨ ᠤ ᠰᠠᠶᠢᠨ | ᠡᠭᠦᠯᠳᠡᠷᠵᠢᠯᠳᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠲᠤᠰᠬᠠᠶᠢᠵᠢᠭᠰᠠᠨ ᠲᠡᠵᠢᠭᠡᠨ ᠦᠷᠡᠵᠢᠭᠦᠯᠬᠦ ᠠᠬᠢᠴᠠ ᠶᠢ | ᠠᠬᠢᠭᠤᠯᠤᠨ᠎ᠠ᠃ | ︵ᠭᠤᠷᠪᠠ︶ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠨ᠎ᠡ | ᠰᠢᠨ᠎ᠡ ᠪᠠᠷ ᠬᠤᠳᠠᠯᠳᠤᠨ ᠠᠪᠤᠭᠰᠠᠨ ᠯᠢᠶᠠᠩᠴᠧᠩ ᠰᠢᠶᠠᠨ ᠠᠴᠠ ᠭᠠᠳᠠᠨᠠᠬᠢ ᠦᠷᠡᠵᠢᠬᠦ ᠦᠨᠢᠶ᠎ᠡ᠂ ᠬᠤᠴᠠ | ᠬᠤᠴᠠ ᠡᠷᠬᠡᠪᠰᠢ ᠦᠢᠯᠡᠳᠪᠦᠷᠢᠯᠡᠬᠦ ᠭᠠᠵᠠᠷ ᠤᠨ ᠬᠢᠵᠢᠭ ᠤᠨ ᠪᠠᠶᠢᠴᠠᠭᠠᠯᠲᠠ ᠪᠠᠷ ᠳᠠᠮᠵᠢᠨ ᠬᠢᠷᠢ ᠲᠡᠩᠴᠡᠭᠰᠡᠨ | ᠪᠥᠭᠡᠳ ︽ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ︾ ᠶᠢ ᠳᠠᠭᠠᠯᠳᠤᠭᠤᠯᠵᠤ᠂ | ᠲᠤᠰᠠᠭᠠᠷᠯᠠᠨ ᠠᠵᠢᠭᠯᠠᠬᠤ ᠳᠦᠷᠢᠮ ᠪᠠ ᠡᠭᠦᠯᠳᠡᠷ ᠤᠨ ᠦᠬᠡᠷ ᠤᠨ ᠲᠠᠯᠠᠪᠠᠢ ᠶᠢᠨ ᠠᠮᠤᠷ ᠲᠦᠪᠰᠢᠨ ᠡᠷᠡᠭᠦᠯ | ᠬᠠᠮᠠᠭᠠᠯᠠᠯ ᠤᠨ ᠡᠳᠦᠷ ᠤᠨ ᠮᠡᠳᠡᠭᠦᠯᠦᠯᠲᠡ ᠶᠢᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠠᠮᠢᠲᠠᠨ ᠤ ᠬᠦᠨᠳᠦ | ᠶᠡᠭᠡ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠦᠯᠦ ᠬᠠᠯᠳᠠᠭᠠᠬᠤ᠂ ᠲᠡᠵᠢᠭᠡᠨ ᠦᠷᠡᠵᠢᠭᠦᠯᠬᠦ ᠲᠠᠯᠠᠪᠠᠶ ᠶᠢᠨ | ᠠᠮᠢᠲᠠᠨ ᠤ ᠬᠢᠵᠢᠭ ᠡᠪᠡᠳᠴᠢᠨ ᠢ ᠴᠡᠪᠡᠷᠰᠢᠭᠦᠯᠬᠦ ᠪᠠ ᠭᠠᠳᠠᠨ᠎ᠠ ᠠᠴᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠪᠤᠰᠤᠳ ᠬᠢᠵᠢᠭ ᠡᠪᠡᠳᠴᠢᠨ ᠠᠴᠠ ᠪᠣᠯᠵᠤ | ᠰᠡᠷᠭᠡᠶᠢᠯᠡᠬᠦ ᠬᠡᠷᠡᠭᠲᠡᠶ᠃ ᠬᠢᠯᠢ ᠠᠯᠤᠰᠯᠠᠨ ᠦᠷ᠎ᠡ ᠣᠷᠣᠭᠤᠯᠬᠤ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠣᠷᠣᠨ | ᠠᠯᠤᠰᠯᠠᠨ ᠦᠷ᠎ᠡ ᠣᠷᠣᠭᠤᠯᠬᠤ ᠲᠡᠵᠢᠭᠡᠨ ᠦᠷᠡᠵᠢᠭᠦᠯᠬᠦ ᠲᠠᠯᠠᠪᠠᠶ᠂ ᠲᠡᠵᠢᠭᠡᠨ ᠦᠷᠡᠵᠢᠭᠦᠯᠬᠦ ᠡᠷᠦᠬᠡ ᠳᠤ ᠴᠥᠮ | ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠬᠦ ᠲᠦᠷᠢᠮ ᠢ ᠬᠡᠷᠡᠭᠵᠢᠭᠦᠯᠵᠦ᠂ ᠬᠢᠵᠢᠭᠲᠦ ᠣᠷᠣᠨ ᠠᠴᠠ ᠠᠯᠠᠰᠢᠨ | ᠦᠬᠡᠷ᠂ ᠬᠤᠴᠠ ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃ | ︵ᠲᠦᠷᠪᠡ︶ ᠠᠯᠠᠵᠤ ᠨᠢᠲᠤᠯᠵᠤ ᠪᠣᠯᠪᠠᠰᠤᠷᠠᠭᠤᠯᠬᠤ ᠰᠢᠰᠲ᠋ᠧᠮ ᠢ ᠠᠯᠬᠤᠮ ᠠᠯᠬᠤᠮ ᠢᠶᠠᠷ | ᠲᠡᠭᠦᠯᠳᠡᠷᠵᠢᠭᠦᠯᠦᠨ᠎ᠡ | ᠤᠯᠤᠰ᠂ ᠥᠪᠡᠷᠲᠡᠭᠡᠨ ᠵᠠᠰᠠᠬᠤ ᠣᠷᠣᠨ ᠤ ᠮᠠᠯ ᠵᠢᠭᠦᠷᠲᠡᠨ ᠨᠢᠲᠤᠯᠬᠤ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ᠶᠢᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠶᠠᠰᠤ ᠴᠢᠨᠠᠷ ᠤᠨ ᠠᠶᠤᠯ ᠦᠭᠡᠶ ᠶᠢᠨ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠠᠯᠠᠰᠢᠨ ᠦᠬᠡᠷ᠂ ᠠᠯᠠᠰᠢᠨ ᠬᠤᠨᠢ ᠶᠢ ᠲᠥᠪᠯᠡᠷᠡᠭᠦᠯᠦᠨ ᠨᠢᠲᠤᠯᠬᠤ | ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ | ︵ᠲᠠᠪᠤ︶ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠠᠳᠬᠤᠬᠤ ᠬᠡᠷᠡᠭᠲᠡᠢ | ᠦᠷᠡᠵᠢᠵᠦ ᠳᠡᠶᠢᠯᠬᠦ ᠦᠨᠢᠶ᠎ᠡ᠂ ᠡᠭᠦᠯᠳᠡᠷ ᠤᠨ ᠬᠤᠴᠠ ᠲᠡᠵᠢᠭᠡᠨ ᠦᠷᠡᠵᠢᠭᠦᠯᠬᠦ ᠡᠬᠡ ᠳᠠᠩᠰᠠ ᠶᠢ ᠪᠠᠶᠢᠭᠤᠯᠵᠤ᠂ | ᠡᠯ᠎ᠡ ᠰᠢᠶᠠᠩ ᠪᠠᠯᠭᠠᠰᠤ ᠨᠢ ᠡᠯ᠎ᠡ ᠣᠷᠣᠨ ᠪᠦᠰᠡ ᠶᠢᠨ ᠳᠣᠲᠣᠷᠠᠬᠢ ᠡᠬᠡ ᠳᠠᠩᠰᠠ ᠶᠢᠨ ᠪᠦᠲᠦᠭᠡᠨ | ᠪᠠᠶᠢᠭᠤᠯᠤᠯᠲᠠ ᠶᠢ ᠬᠠᠷᠢᠭᠤᠴᠠᠵᠤ᠂ ᠲᠡᠵᠢᠭᠡᠨ ᠦᠷᠡᠵᠢᠭᠦᠯᠬᠦ ᠲᠠᠯᠠᠪᠠᠢ᠂ ᠡᠷᠦᠬᠡ ᠳᠤ ᠨᠢᠭᠡᠳᠦᠯᠲᠡᠶ ᠬᠠᠮᠢᠶᠠᠷᠤᠯᠲᠠ ᠶᠢ | ᠬᠡᠷᠡᠭᠵᠢᠭᠦᠯᠬᠦ ᠬᠡᠷᠡᠭᠲᠡᠶ᠃ ᠡᠯ᠎ᠡ ᠭᠠᠴᠠᠭᠠᠨ ᠤ ᠠᠷᠠᠳ ᠤᠨ ᠵᠥᠪᠯᠡᠯ ᠨᠢ ᠨᠥᠬᠦᠪᠥᠷᠢ ᠬᠦᠷᠲᠡᠬᠦ ᠲᠠᠷᠢᠶᠠᠴᠢᠨ | ᠡᠷᠦᠬᠡ ᠳᠤ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ ᠪᠠᠶᠢᠭᠤᠯᠬᠤ ᠬᠡᠷᠡᠭᠲᠡᠶ᠃ ᠲᠡᠵᠢᠭᠡᠨ ᠦᠷᠡᠵᠢᠭᠦᠯᠬᠦ ᠶᠢ | ᠵᠢᠷᠤᠮᠵᠢᠭᠤᠯᠬᠤ᠂ ᠲᠡᠵᠢᠭᠡᠯ ᠲᠡᠵᠢᠭᠡᠬᠦ ᠶᠢ ᠰᠢᠨᠵᠢᠯᠡᠬᠦ ᠤᠬᠠᠭᠠᠨᠴᠢᠯᠠᠬᠤ᠂ ᠡᠭᠦᠯᠳᠡᠷ ᠰᠠᠶᠢᠵᠢᠷᠠᠭᠤᠯᠬᠤ ᠪᠠ ᠬᠠᠰᠢᠶ᠎ᠠ | ᠰᠠᠷᠠᠪᠴᠢ ᠶᠢ ᠪᠠᠷᠢᠮᠵᠢᠶᠠᠵᠢᠭᠤᠯᠬᠤ ︽ᠳᠥᠷᠪᠡᠨ ᠣᠳᠣᠬᠢᠴᠢᠯᠠᠯᠲᠠ ᠶᠢᠨ ᠪᠠᠷᠢᠮᠵᠢᠶ᠎ᠠ︾ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ᠃ | ︵ᠵᠢᠷᠭᠤᠭ᠎ᠠ︶ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤ ᠨᠢ ᠰᠣᠯᠢᠵᠤ ᠥᠭᠬᠦ | ᠰᠢᠶᠠᠩ ᠪᠠᠯᠭᠠᠰᠤ᠂ ᠲᠣᠰᠬᠤᠨ ᠤ ᠠᠷᠠᠳ ᠤᠨ ᠵᠥᠪᠯᠡᠯ ᠨᠢ ᠨᠥᠬᠦᠪᠥᠷᠢ ᠥᠭᠬᠦ ᠨᠥᠬᠦᠴᠡᠯ ᠳᠤ ᠨᠡᠶᠢᠴᠡᠬᠦ ᠡᠰᠡᠬᠦ | ᠲᠠᠷᠢᠶᠠᠴᠢᠨ ᠡᠷᠦᠬᠡ ᠶᠢ ᠨᠠᠷᠢᠨ ᠬᠢᠨᠠᠮᠠᠭᠠᠶ ᠢᠯᠭᠠᠨ ᠲᠣᠳᠣᠯᠠᠵᠤ᠂ ᠭᠠᠴᠠᠭ᠎ᠠ ᠬᠤᠪᠢᠶᠠᠵᠤ ᠪᠠᠶᠢᠭᠠᠳ ᠦᠬᠡᠷ᠂ | ᠬᠤᠨᠢ ᠶᠢ ᠨᠢᠭᠡᠳᠦᠯᠲᠡᠶ ᠬᠤᠳᠠᠯᠳᠤᠨ ᠠᠪᠴᠤ ᠪᠣᠯᠤᠨ᠎ᠠ᠂ ᠥᠪᠡᠷ ᠢᠶᠠᠨ ᠬᠤᠳᠠᠯᠳᠤᠨ ᠠᠪᠴᠤ ᠨᠥᠬᠦᠪᠥᠷᠢ | ᠭᠤᠶᠤᠴᠢᠯᠠᠬᠤ ᠭᠡᠪᠡᠯ ᠡᠷᠦᠭᠡ ᠳᠤ ᠬᠦᠷᠴᠦ ᠦᠬᠡᠷ ᠬᠤᠨᠢ ᠶᠢ ᠣᠯᠵᠤ ᠦᠵᠡᠵᠦ᠂ ᠬᠤᠳᠠᠯᠳᠤᠨ ᠠᠪᠤᠭᠰᠠᠨ ᠴᠠᠭ᠂ | ᠬᠤᠳᠠᠯᠳᠤᠨ ᠠᠪᠤᠭᠰᠠᠨ ᠭᠡᠷ᠎ᠡ᠂ ᠮᠠᠯ ᠬᠤᠳᠠᠯᠳᠤᠨ ᠠᠪᠤᠭᠰᠠᠨ ᠭᠡᠷᠡᠯ ᠵᠢᠷᠤᠭ᠂ ᠳᠠᠭᠠᠳᠬᠠᠯ ᠤᠨ ᠬᠠᠭᠤᠳᠠᠰᠤ᠂ | ᠴᠢᠬᠢᠨ ᠲᠡᠮᠳᠡᠭ ᠵᠡᠷᠭᠡ ᠳᠤ ᠳᠠᠩᠰᠠ ᠡᠪᠬᠡᠮᠡᠯ ᠪᠠᠶᠢᠭᠤᠯᠵᠤ᠂ ᠲᠣᠰᠬᠤᠨ ᠤ ᠠᠷᠠᠳ ᠤᠨ ᠵᠥᠪᠯᠡᠯ ᠳᠤ ᠨᠢᠭᠡ ᠡᠷᠦᠬᠡ | ᠨᠢᠭᠡ ᠳᠡᠰ ᠦᠯᠡᠳᠡᠭᠡᠨ ᠬᠠᠳᠠᠭᠠᠯᠠᠬᠤ ᠬᠡᠷᠡᠭᠲᠡᠶ᠃ ᠬᠢᠨᠠᠨ ᠬᠠᠷᠭᠤᠭᠤᠯᠤᠭᠠᠳ ᠪᠣᠷᠤᠭᠤ ᠥᠬᠡᠶ᠂ ᠢᠯᠡ ᠨᠡᠶᠢᠲᠡᠯᠡᠭᠡᠳ | ᠣᠨᠳᠣᠣ ᠰᠠᠨᠠᠯ ᠥᠬᠡᠶ ᠪᠣᠯᠤᠭᠰᠠᠨ ᠤ ᠳᠠᠷᠠᠭ᠎ᠠ᠂ ᠨᠥᠬᠦᠪᠥᠷᠢ ᠶᠢᠨ ᠪᠠᠯᠠ ᠮᠥᠩᠭᠦ ᠶᠢ ᠲᠠᠰ ᠳᠠᠷᠠᠭᠠᠯᠠᠯ ᠤᠨ ᠶᠣᠰᠣᠭᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ ᠪᠠ ᠡᠯ᠎ᠡ ᠰᠢᠶᠠᠩ ᠪᠠᠯᠭᠠᠰᠤ ᠠᠴᠠ ᠪᠦᠷᠢᠨ ᠴᠢᠳᠠᠮᠵᠢᠲᠤ ᠺᠠᠷᠲ ᠢᠶᠠᠷ ᠲᠠᠷᠢᠶᠠᠴᠢᠨ ᠡᠷᠦᠬᠡ ᠳᠤ ᠰᠢᠭᠤᠳ | ᠣᠯᠭᠤᠨ᠎ᠠ᠃ | ︵ᠳᠤᠯᠤᠭ᠎ᠠ︶ ᠲᠡᠵᠢᠭᠡᠨ ᠦᠷᠡᠵᠢᠭᠦᠯᠬᠦ ᠣᠷᠣᠨ ᠢ ᠳᠦᠷᠢᠮᠵᠢᠭᠦᠯᠦᠨ᠎ᠡ | 1. ᠡᠯ᠎ᠡ ᠰᠢᠶᠠᠩ ᠪᠠᠯᠭᠠᠰᠤ ᠨᠢ ︽ᠯᠢᠶᠠᠩᠴᠧᠩ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠮᠠᠯ | ᠵᠢᠭᠦᠷᠲᠡᠨ ᠢ ᠲᠡᠵᠢᠭᠡᠨ ᠦᠷᠡᠵᠢᠭᠦᠯᠬᠦ ᠲᠥᠯᠥᠪᠵᠢᠭᠦᠯᠭᠡ︾ ᠪᠠ ︽ᠯᠢᠶᠠᠩᠴᠧᠩ ᠰᠢᠶᠠᠨ ᠤ ᠮᠠᠯ ᠵᠢᠭᠦᠷᠲᠡᠨ ᠢ | ᠲᠡᠵᠢᠭᠡᠨ ᠦᠷᠡᠵᠢᠭᠦᠯᠬᠦ ᠣᠷᠣᠨ ᠪᠦᠰᠡ ᠶᠢᠨ ᠲᠥᠯᠥᠪᠵᠢᠭᠦᠯᠭᠡ ᠶᠢᠨ ᠲᠥᠰᠦᠯ︾ ︵ᠯᠢᠶᠠᠩᠴᠧᠩ ᠵᠠᠰᠠᠭ ᠠᠯᠪᠠᠨ | ᠲᠠᠷᠬᠠᠭᠠᠭᠰᠠᠨ ︹2017︺ 53 ᠳ᠋ᠤᠭᠠᠷ ᠲᠣᠭᠠᠲᠤ ᠪᠢᠴᠢᠭ ᠮᠠᠲ᠋ᠧᠷᠢᠶᠠᠯ︶ ᠤᠨ ᠱᠠᠭᠠᠷᠳᠠᠯᠭ᠎ᠠ ᠶᠣᠰᠣᠭᠠᠷ᠂ | ᠲᠡᠵᠢᠭᠡᠨ ᠦᠷᠡᠵᠢᠭᠦᠯᠬᠦ ᠣᠷᠣᠨ ᠪᠦᠰᠡ ᠶᠢ ᠵᠦᠶ ᠵᠣᠬᠢᠰᠲᠠᠶ ᠲᠥᠯᠥᠪᠵᠢᠭᠦᠯᠬᠦ ᠬᠡᠷᠡᠭᠲᠡᠶ᠃ | 2᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ︽O ᠬᠡᠯᠪᠡᠷᠢ︾ ᠶᠢᠨ ᠵᠠᠰᠠᠮᠠᠯ ᠵᠠᠮ ᠤᠨ ᠣᠷᠣᠨ | ᠪᠦᠰᠡ ᠶᠢᠨ ᠳᠣᠲᠣᠷ᠎ᠠ ᠦᠬᠡᠷ ᠬᠤᠨᠢ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠶ ᠶᠢ ᠰᠢᠨ᠎ᠡ ᠪᠠᠷ ᠨᠡᠮᠡᠭᠳᠡᠭᠦᠯᠬᠦ ᠶᠢ | ᠴᠠᠭᠠᠵᠠᠯᠠᠨ᠎ᠠ᠃ ᠪᠤᠰᠤᠳ ᠣᠷᠣᠨ ᠪᠦᠰᠡ ᠳᠤ ᠤᠯᠤᠰ ᠤᠨ ᠱᠠᠭᠠᠷᠳᠠᠯᠭ᠎ᠠ ᠶᠣᠰᠣᠭᠠᠷ ᠪᠠᠭᠠᠰᠤᠨ ᠪᠣᠬᠢᠷᠲᠤᠯ ᠢ | ᠰᠢᠢᠳᠪᠦᠷᠢᠯᠡᠬᠦ ᠴᠥᠭᠦᠷᠥᠮ ᠲᠣᠬᠢᠷᠠᠭᠤᠯᠵᠤ᠂ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠨᠢ ᠤᠯᠤᠰ ᠤᠨ | ᠬᠡᠷᠡᠭᠯᠡᠬᠦ ᠭᠠᠵᠠᠷ ᠤᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ︵ᠨᠠᠢᠮᠠ︶ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ | ᠬᠥᠬᠡ ᠳᠠᠷᠤᠰᠢ ᠶᠢᠨ ᠡᠷᠳᠡᠨᠢ ᠰᠢᠰᠢ᠂ ᠴᠠᠷᠭᠠᠰᠤ ᠵᠡᠷᠭᠡ ᠲᠡᠵᠢᠭᠡᠯ ᠡᠪᠡᠰᠦ ᠪᠣᠷᠳᠤᠭ᠎ᠠ ᠲᠠᠷᠢᠬᠤ ᠶᠢ ᠲᠡᠳᠬᠦᠵᠦ᠂ | ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠪᠠ ᠳᠠᠷᠢᠵᠤ ᠲᠡᠵᠢᠭᠡᠬᠦ ᠶᠢ ᠤᠶᠠᠯᠳᠤᠭᠤᠯᠬᠤ | ᠵᠠᠭᠪᠤᠷ ᠢ ᠳᠡᠯᠭᠡᠷᠡᠭᠦᠯᠵᠦ᠂ ᠬᠥᠲᠥᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠬᠦ᠂ ᠬᠥᠲᠥᠯᠥᠨ ᠳᠠᠭᠠᠭᠤᠯᠬᠤ | ᠦᠢᠯᠡᠳᠦᠯ ᠢ ᠣᠷᠣᠭᠤᠯᠤᠨ ᠠᠪᠴᠢᠷᠠᠬᠤ ᠪᠠ ᠳᠡᠭᠡᠭᠰᠢᠯᠡᠭᠦᠯᠵᠦ᠂ ᠪᠣᠷᠣ ᠲᠦᠷᠦᠭᠦᠦ ᠶᠢᠨ ᠴᠠᠷᠭᠠᠰᠤ᠂ ᠨᠣᠬᠠᠶ ᠶᠢᠨ | ᠬᠤᠰᠢᠭᠤ ᠪᠠᠷ ᠭᠤᠤᠯ ᠪᠣᠯᠭᠠᠭᠰᠠᠨ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ᠃ | |